蒙古文网站Logo
ᠰᠢᠨᠬᠤᠸᠠ ᠮᠤᠩᠭ᠋ᠤᠯ ᠨᠧᠲ

ᠦᠪᠤᠷ ᠮᠤᠩᠭ᠋ᠤᠯ ᠤᠨ ᠤᠷᠠᠨ ᠵᠢᠷᠤᠭ ᠤᠨ ᠰᠢᠨ᠎ᠠ ᠬᠦᠮᠤᠨ ᠤ ᠰᠢᠨ᠎ᠠ ᠪᠦᠳᠦᠭᠡᠯ ᠤᠨ ᠦᠵᠡᠭᠦᠯᠦᠯᠭᠡ ᠡᠬᠢᠯᠡᠵᠡᠢ

2017-11-28 17:23

    ᠡᠦ ᠲᠤᠸᠠᠨ ᠶ᠍ᠢᠩ᠂ ᠹᠦ᠋ ᠲᠠᠢ ᠽᠸᠩ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃

    ᠨᠠᠮ ᠤᠨ ᠠᠷᠪᠡ ᠶ᠍ᠢᠰᠦᠳᠦᠭᠡᠷ ᠶ᠍ᠡᠭᠡ ᠬᠤᠷᠠᠯ ᠤᠨ ᠵᠤᠷᠢᠭ ᠰᠠᠨᠠᠭ᠎ᠠ ᠵᠢ ᠲᠤᠤᠱᠯᠠᠭᠤᠯᠤᠨ ᠨᠠᠢᠢᠳᠠᠪᠦᠷᠢᠵᠢᠭᠤᠯᠵᠤ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠤᠷᠠᠨ ᠵᠢᠷᠤᠭ ᠤᠨ ᠴᠢᠳᠠᠪᠦᠷᠢᠳᠡᠨ ᠪᠡ ᠰᠢᠯᠢᠳᠡᠭ ᠤᠷᠠᠨ ᠵᠢᠷᠤᠭ ᠤᠨ ᠪᠦᠳᠦᠭᠡᠯ ᠢ ᠳᠡᠯᠭᠡᠨ ᠦᠵᠡᠬᠦᠯᠬᠦ ᠵᠢᠨ ᠲᠦᠯᠦᠭᠡ᠂ 11 ᠰᠠᠷ᠎ᠠ ᠵᠢᠨ 27 ᠤ ᠡᠳᠤᠷ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠡᠴᠡ ᠭᠤᠤᠯᠯᠠᠨ ᠡᠷᠬᠢᠯᠡᠭᠰᠡᠨ ᠦᠪᠤᠷ ᠮᠤᠩᠭ᠋ᠤᠯ ᠤᠨ ᠤᠷᠠᠨ ᠵᠢᠷᠤᠭ ᠤᠨ ᠰᠢᠨ᠎ᠠ ᠬᠦᠮᠤᠨ ᠤ ᠰᠢᠨ᠎ᠠ ᠪᠦᠳᠦᠭᠡᠯ ᠤᠨ ᠦᠵᠡᠭᠦᠯᠦᠯᠭᠡ ᠦᠪᠤᠷ ᠮᠤᠩᠭ᠋ᠤᠯ ᠤᠨ ᠤᠷᠠᠨ ᠵᠢᠷᠤᠭ ᠤᠨ ᠤᠷᠳᠤᠨ ᠤ ᠰᠢᠨ᠎ᠠ ᠤᠷᠳᠤᠨ ᠳ᠋ᠤ ᠡᠬᠢᠯᠡᠵᠤ᠂ 120 ᠭᠠᠷᠤᠢ ᠰᠢᠯᠢᠳᠡᠭ ᠤᠷᠠᠨ ᠵᠢᠷᠤᠭ ᠤᠨ ᠪᠦᠳᠦᠭᠡᠯ ᠦᠵᠡᠭᠴᠢᠳ ᠲᠠᠢ ᠵᠤᠯᠭᠠᠵᠠᠢ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶ᠍ᠡᠭᠡ ᠬᠤᠷᠠᠯ ᠤᠨ ᠪᠠᠢᠢᠩᠭ᠋ᠤ ᠵᠢᠨ ᠬᠤᠷᠢᠶᠡᠨ ᠤ ᠲᠡᠳ᠋ ᠡᠷᠬᠢᠯᠡᠭᠴᠢ ᠡᠦ ᠲᠤᠸᠠᠨ ᠶ᠍ᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠵᠢᠨ ᠵᠦᠪᠯᠡᠯᠭᠡᠨ ᠤ ᠲᠡᠳ᠋ ᠲᠡᠷᠢᠭᠦᠯᠡᠭᠴᠢ ᠹᠦ᠋ ᠲᠠᠢ ᠽᠸᠩ ᠡᠬᠢᠯᠡᠯᠳᠡ ᠵᠢᠨ ᠶ᠍ᠤᠰᠤᠯᠡᠯ ᠳ᠋ᠤ ᠤᠷᠤᠯᠴᠡᠪᠡ᠃

    ᠦᠢᠯᠠᠭᠠᠬᠰᠡᠨ ᠵᠢᠨᠷ᠂ ᠲᠤᠰ ᠤᠳᠠᠭᠠᠨ ᠤ ᠦᠵᠡᠭᠦᠯᠦᠯᠭᠡ ᠳ᠋ᠤ ᠤᠷᠤᠨ ᠳᠠᠶᠠᠭᠠᠷ ᠤᠨ ᠡᠯ᠎ᠠ ᠠᠢᠢᠮᠠᠭ ᠬᠤᠳᠡ ᠡᠴᠡ ᠢᠷᠡᠭᠰᠡᠨ 1100 ᠭᠠᠷᠤᠢ ᠪᠦᠳᠦᠭᠡᠯ ᠢ ᠬᠤᠷᠢᠶᠡᠨ ᠠᠪᠴᠦ᠂ ᠲᠤᠰᠬᠠᠢ ᠮᠡᠷᠭᠡᠵᠢᠯᠳᠡᠨ ᠤ ᠬᠢᠨᠡᠨ ᠰᠢᠯᠭᠠᠷᠠᠭᠤᠯᠬᠤ ᠪᠡᠷ ᠲᠡᠮᠵᠢᠭᠠᠳ ᠬᠠᠮᠤᠭ ᠤᠨ ᠡᠴᠤᠰ ᠲᠤ 120 ᠭᠠᠷᠤᠢ ᠪᠦᠳᠦᠭᠡᠯ ᠢ ᠲᠤᠰ ᠤᠳᠠᠭᠠᠨ ᠤ ᠦᠵᠡᠭᠦᠯᠦᠯᠭᠡ ᠳᠤ ᠰᠤᠩᠭ᠋ᠤᠵᠦ ᠤᠷᠤᠭᠤᠯᠤᠨ᠂ ᠬᠢᠳᠡᠳ ᠵᠢᠷᠤᠭ᠂ ᠲᠤᠰᠤᠨ ᠪᠤᠳᠤᠭ ᠤᠨ ᠵᠢᠷᠤᠭ᠂ ᠤᠰᠤᠨ ᠪᠤᠳᠤᠭ ᠤᠨ ᠵᠢᠷᠤᠭ᠂ ᠰᠠᠢᠢᠯᠤᠮᠡᠯ ᠵᠢᠷᠤᠭ᠂ ᠱᠤᠭᠤᠮᠡᠯ ᠵᠡᠷᠭᠡ ᠶᠢ ᠬᠠᠮᠤᠷᠴᠠᠢ᠃ ᠡᠳᠡᠭᠡᠷ ᠪᠦᠳᠦᠭᠡᠯ ᠨᠢ ᠴᠦᠮ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠵᠠᠯᠠᠭᠤ ᠤᠷᠠᠨ ᠵᠢᠷᠤᠭᠴᠢᠨ ᠪᠡ ᠦᠢᠷ᠎ᠠ ᠵᠢᠨ ᠵᠢᠯ ᠳ᠋ᠤ ᠴᠤᠯᠭᠤᠷᠠᠨ ᠭᠠᠷᠤᠬᠰᠠᠨ ᠤᠷᠠᠨ ᠵᠢᠷᠤᠭ ᠤᠨ ᠰᠢᠨ᠎ᠠ ᠬᠦᠮᠤᠨ ᠵᠤᠬᠢᠶᠠᠨ ᠪᠦᠳᠦᠭᠡᠵᠦ᠂ ᠠᠮᠢᠵᠢᠷᠠᠯ ᠤᠨ ᠭᠦᠴᠤᠨ ᠪᠡ ᠰᠢᠨ᠎ᠠ ᠤᠳᠬ᠎ᠠ ᠠᠭᠤᠯᠭ᠎ᠠ ᠪᠢᠯᠬᠠᠮ᠎ᠠ᠂ ᠦᠪᠤᠷ ᠮᠤᠩᠭ᠋ᠤᠯ ᠤᠨ ᠭᠦᠨ ᠵᠤᠵᠠᠭᠠᠨ ᠦᠨᠳᠤᠰᠤᠳᠡᠨ ᠤ ᠰᠤᠶᠤᠯ ᠤᠨ ᠠᠭᠤᠯᠤᠬᠳᠠᠬᠤᠨ ᠪᠡ ᠰᠢᠨ᠎ᠠ ᠴᠠᠭ ᠦᠶ᠎ᠠ᠂ ᠰᠢᠨ᠎ᠠ ᠪᠠᠢᠢᠳᠠᠯ᠂ ᠰᠢᠨ᠎ᠠ ᠲᠦᠷᠢ ᠲᠦᠷᠭᠦ ᠵᠢ ᠭᠦᠢᠴᠡᠳ ᠢᠯᠡᠷᠡᠭᠦᠯᠵᠡᠢ᠃ ᠲᠠᠨᠢᠯᠴᠠᠭᠤᠯᠤᠬᠰᠡᠨ ᠵᠢᠨᠷ᠂ ᠤᠷᠠᠨ ᠵᠢᠷᠤᠭ ᠤᠨ ᠰᠢᠨ᠎ᠠ ᠬᠦᠮᠤᠨ ᠰᠢᠨ᠎ᠠ ᠪᠦᠳᠦᠭᠡᠯ ᠢ ᠵᠤᠬᠢᠶᠡᠨ ᠪᠠᠢᠢᠭᠤᠯᠬᠤ ᠨᠢ ᠦᠪᠡᠷᠳᠡᠭᠡᠨ ᠵᠠᠰᠠᠬᠤ ᠤᠷᠤᠨ ᠤ ᠤᠷᠠᠨ ᠵᠢᠷᠤᠭ ᠤᠨ ᠨᠦᠭᠡᠴᠡ ᠭᠦᠴᠤᠨ ᠢ ᠬᠦᠮᠤᠵᠢᠭᠦᠯᠭᠦ᠂ ᠵᠠᠯᠠᠭᠤ ᠤᠷᠠᠨ ᠵᠢᠷᠤᠭᠴᠢᠨ ᠢ ᠵᠤᠷᠢᠭᠵᠢᠭᠤᠯᠵᠤ ᠰᠤᠶᠤᠯ ᠤᠨ ᠢᠳᠡᠭᠡᠯ ᠵᠢᠨᠨ ᠪᠠᠳᠤᠳᠬᠠᠬᠤ᠂ ᠠᠮᠢᠳᠤᠷᠠᠯ ᠳ᠋ᠤ ᠭᠦᠨᠵᠡᠭᠡᠢᠢᠷᠡᠭᠦ᠂ ᠠᠷᠠᠳ ᠲᠦᠮᠡᠨ ᠤ ᠲᠤᠮᠳᠡ ᠰᠠᠭᠤᠷᠢᠯᠠᠵᠤ᠂ ᠦᠪᠤᠷ ᠮᠤᠩᠭ᠋ᠤᠯ ᠤᠨ ᠤᠷᠠᠨ ᠵᠢᠷᠤᠭ ᠤᠨ ᠠᠵᠤ ᠦᠢᠯᠡᠰ ᠢ ᠴᠡᠴᠡᠭᠯᠡᠨ ᠭᠦᠭ᠍ᠵᠢᠭᠦᠯᠭᠦ ᠳ᠋ᠤ ᠴᠢᠬᠤᠯᠠ ᠦᠢᠯᠠᠳᠦᠯ ᠦᠵᠡᠬᠦᠯᠬᠦ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122024731