蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ ᠶᠡᠬᠡ ᠲᠡᠭᠡᠲᠤ ᠰᠤᠷᠭᠠᠭᠤᠯᠢ ᠶᠢᠨ ᠲᠠᠪᠤᠳᠤᠭᠠᠷ ᠬᠤᠭᠤᠴᠠᠭᠠᠨ ᠤ ᠤᠶᠤᠲᠠᠳ ᠤᠨ ᠰᠡᠳᠬᠢᠴᠡ ᠶᠢᠨ ᠵᠦᠴᠦᠭᠡ ᠶᠢᠨ ᠤᠷᠤᠯᠳᠤᠭᠠᠨ ᠳᠤ 22 ᠪᠦᠲᠦᠭᠡᠯ ᠱᠠᠩᠨᠠᠯ ᠲᠤᠰᠪᠠ

2017-11-30 16:39

    ᠲᠦᠷᠦᠭᠦᠭᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠣᠩᠭᠣᠯ ᠤᠨ ᠶᠡᠬᠡ ᠲᠡᠭᠡᠲᠤ ᠰᠤᠷᠭᠠᠭᠤᠯᠢ ᠶᠢᠨ ᠰᠡᠳᠭᠢᠴᠡ ᠶᠢᠨ ᠡᠷᠡᠭᠦᠯ ᠮᠡᠨᠲᠤ ᠶᠢᠨ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠵᠦᠪᠯᠡᠯ ᠤᠨ ᠨᠡᠶᠢᠭᠡᠮᠯᠢᠭ᠌ ᠡᠴᠡ ᠬᠠᠮᠲᠤᠷᠠᠨ ᠰᠠᠨᠠᠭᠠᠴᠢᠯᠠᠵᠤ᠂ ᠦᠪᠦᠷ ᠮᠣᠩᠭᠣᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠡᠴᠡ ᠵᠤᠬᠢᠶᠠᠨ ᠪᠠᠶᠢᠭᠤᠯᠤᠭᠰᠠᠨ ᠤᠷᠤᠨ ᠳᠠᠶᠠᠭᠠᠷ ᠤᠨ ᠶᠡᠬᠡ ᠳᠡᠭᠡᠲᠤ ᠰᠤᠷᠭᠠᠭᠤᠯᠢ ᠶᠢᠨ ᠲᠠᠪᠤᠳᠤᠭᠠᠷ ᠬᠤᠭᠤᠴᠠᠭᠠᠨ ᠤ ᠤᠶᠤᠲᠠᠳ ᠤᠨ ᠰᠡᠳᠭᠢᠴᠠ ᠶᠢᠨ ᠵᠦᠴᠦᠭᠡ ᠶᠢᠨ ᠤᠷᠤᠯᠳᠤᠭᠠᠨ ᠦᠪᠦᠷ ᠮᠣᠩᠭᠣᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶᠢᠨ ᠲᠠᠮᠢᠷ ᠤᠨ ᠤᠷᠳᠤᠨ ᠳᠤ ᠶᠠᠪᠤᠭᠳᠠᠵᠤ ᠨᠡᠶᠢᠲᠡ 22 ᠪᠦᠲᠦᠭᠡᠯ ᠱᠠᠩᠨᠠᠯ ᠲᠤᠰᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠤᠷᠤᠯᠳᠤᠭᠠᠨ ᠳᠤ ᠤᠷᠤᠨ ᠳᠠᠶᠠᠭᠠᠷ ᠤᠨ ᠶᠡᠬᠡ ᠲᠡᠭᠡᠲᠤ ᠰᠤᠷᠭᠠᠭᠤᠯᠢ ᠡᠴᠡ 39 ᠬᠢᠳᠡᠳ ᠵᠦᠴᠦᠭᠡ ᠪᠠ 18 ᠮᠣᠩᠭᠣᠯ ᠵᠦᠴᠦᠭᠡ ᠤᠷᠤᠯᠴᠠᠪᠠ᠃ ᠨᠤᠭᠤᠯᠤᠭ᠎ᠠ ᠤᠷᠤᠯᠳᠤᠭᠠᠨ ᠶᠢᠡᠷ ᠬᠢᠲᠡᠳ ᠪᠠᠭ ᠤᠨ 15 ᠪᠦᠲᠦᠭᠡᠯ᠂ ᠮᠣᠩᠭᠣᠯ ᠪᠠᠭ ᠤᠨ 7 ᠪᠦᠲᠦᠭᠡᠯ ᠰᠶ᠋ᠢᠳᠪᠦᠷᠢᠲᠤ ᠤᠷᠤᠯᠳᠤᠭᠠᠨ ᠳᠤ ᠤᠷᠤᠵᠠᠢ᠃ ᠤᠷᠤᠯᠳᠤᠭᠠᠨ ᠤ ᠲᠦᠷᠦᠯ ᠨᠢ ᠤᠳᠤᠬᠢ ᠰᠤᠷᠭᠠᠭᠤᠯᠢ ᠶᠢᠨ ᠰᠤᠷᠭᠠᠨ ᠬᠦᠮᠦᠵᠢᠯ᠂ ᠭᠡᠷ ᠪᠦᠯᠢ ᠶᠢᠨ ᠰᠤᠷᠭᠠᠨ ᠬᠦᠮᠦᠵᠢᠯ ᠪᠤᠯᠤᠨ ᠰᠤᠷᠤᠭᠴᠢᠳ ᠤᠨ ᠰᠤᠷᠤᠯᠴᠠᠬᠤ ᠰᠡᠳᠭᠢᠴᠡ᠂ ᠨᠡᠶᠢᠭᠡᠮ ᠤᠨ ᠰᠡᠳᠭᠢᠴᠡ ᠪᠤᠯᠤᠨ ᠬᠦᠭ᠍ᠵᠢᠯᠲᠠ ᠶᠢᠨ ᠰᠡᠳᠬᠢᠴᠡ ᠵᠡᠷᠭᠡ ᠤᠯᠠᠨ ᠲᠠᠯ᠎ᠠ ᠶᠢ ᠬᠠᠮᠤᠷᠴᠤ᠂ ᠳᠠᠭᠤᠤ ᠬᠦᠭ᠍ᠵᠢᠮᠲᠤ ᠵᠦᠴᠦᠭᠡ᠂ ᠶᠠᠷᠢᠶᠠᠲᠤ ᠵᠦᠴᠦᠭᠡ᠂ ᠱᠤᠭ ᠶᠠᠷᠢᠶ᠎ᠠ᠂ ᠳᠠᠭᠤ ᠦᠭᠡᠢ ᠵᠦᠴᠦᠭᠡ ᠪᠤᠯᠤᠨ ᠳᠠᠭᠤᠤ ᠪᠦᠵᠢᠭ᠍ᠲᠤ ᠵᠦᠴᠦᠭᠡ ᠵᠡᠷᠭᠡ ᠤᠯᠠᠨ ᠠᠷᠭ᠎ᠠ ᠪᠠᠷᠢᠯ ᠢᠶᠡᠷ ᠤᠶᠤᠲᠠᠳ ᠤᠨ ᠦᠰᠦᠯᠲᠠ ᠬᠢᠭᠡᠳ ᠬᠦᠭ᠍ᠵᠢᠯᠲᠠ ᠶᠢᠨ ᠰᠡᠳᠬᠢᠴᠡ ᠶᠢᠨ ᠶᠠᠪᠤᠴᠠ ᠶᠢ ᠬᠠᠷᠠᠭᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122037453