蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠯ ᠤᠨ ᠰᠤᠶᠤᠯ ᠤᠷᠠᠯᠢᠭ ᠤᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠢᠨ ᠨᠤᠮ ᠬᠦᠷᠬᠡᠬᠦ ᠡᠬᠢᠯᠡᠯᠳᠡ ᠶᠢᠨ ᠶᠤᠰᠤᠯᠠᠯ ᠬᠦᠬᠡᠬᠤᠳᠠ ᠳᠤ ᠶᠠᠪᠤᠭᠳᠠᠪᠠ

2017-12-04 18:24

    12 ᠰᠠᠷ᠎ᠠ ᠶᠢᠨ 1 ᠤ ᠡᠳᠤᠷ᠂ ᠦᠪᠦᠷ ᠮᠤᠩᠭ᠋ᠤᠯ ᠤᠨ ᠰᠤᠶᠤᠯ ᠤᠷᠠᠯᠢᠭ ᠤᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠢᠨ ᠨᠤᠮ ᠬᠦᠷᠬᠡᠬᠦ ᠡᠬᠢᠯᠡᠯᠳᠡ ᠶᠢᠨ ᠶᠤᠰᠤᠯᠠᠯ ᠦᠪᠦᠷ ᠮᠤᠩᠭ᠋ᠤᠯ ᠤᠨ ᠨᠤᠮ ᠤᠨ ᠰᠠᠩ ᠳᠤ ᠶᠠᠪᠤᠭᠳᠠᠪᠠ᠃ ᠲᠤᠰ ᠠᠵᠢᠯᠯᠠᠭ᠎ᠠ ᠳᠤ ᠬᠠᠨᠳᠢᠪᠯᠠᠨ ᠬᠦᠷᠬᠡᠭ᠍ᠰᠡᠨ ᠨᠤᠮ ᠤᠳ ᠨᠢ ᠪᠦᠬᠦᠨ ᠢᠶᠠᠷ ᠢᠶᠠᠨ ᠦᠪᠦᠷ ᠮᠤᠩᠭ᠋ᠤᠯ ᠤᠨ ᠰᠤᠶᠤᠯ ᠤᠷᠠᠯᠢᠭ ᠤᠨ ᠬᠤᠩᠬᠢᠯ ᠤᠨ ᠪᠠᠶᠢᠭᠤᠯᠤᠯᠳᠠ ᠶᠢᠨ ᠲᠦᠯᠦᠪᠯᠡᠭᠡ ᠳᠤ ᠬᠠᠷᠢᠶᠠᠯᠠᠭᠳᠠᠬᠤ ᠮᠤᠩᠭ᠋ᠤᠯ ᠦᠨᠳᠦᠰᠦᠲᠡᠨ ᠤ ᠠᠷᠠᠳ ᠤᠨ ᠳᠤᠮᠳᠠᠬᠢ ᠤᠳᠬ᠎ᠠ ᠤᠷᠠᠯᠢᠭ᠂ ᠮᠤᠩᠭ᠋ᠤᠯ ᠦᠨᠳᠦᠰᠦᠲᠡᠨ ᠤ ᠵᠠᠩ ᠦᠢᠯᠡ᠂ ᠰᠤᠶᠤᠯ᠂ ᠦᠨᠳᠦᠰᠦᠳᠡᠨ ᠤ ᠬᠦᠭ᠍ᠵᠢᠮ᠂ ᠠᠷᠠᠳ ᠤᠨ ᠳᠠᠭᠤᠤ᠂ ᠪᠦᠵᠢᠭ᠌᠂ ᠤᠷᠠᠨ ᠪᠢᠴᠢᠯᠭᠡ᠂ ᠤᠷᠠᠨ ᠵᠢᠷᠤᠭ ᠵᠡᠷᠭᠡ 13 ᠲᠦᠷᠦᠯ ᠤᠨ 46 ᠵᠦᠢᠯ ᠤᠨ 24526 ᠢᠵᠢ ᠨᠤᠮ ᠪᠢᠴᠢᠭ᠌ ᠪᠤᠯᠤᠨ᠎ᠠ᠃ ᠡᠳᠡᠭᠡᠷ ᠨᠤᠮ ᠤᠳ ᠢ ᠦᠪᠦᠷ ᠮᠤᠩᠭ᠋ᠤᠯ ᠤᠨ ᠨᠤᠮ ᠤᠨ ᠰᠠᠩ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠨᠤᠮ ᠤᠨ ᠰᠠᠩ᠂ ᠵᠠᠷᠢᠮ ᠶᠡᠭᠡ ᠳᠡᠭᠡᠳᠦ ᠰᠤᠷᠭᠠᠭᠤᠯᠢ ᠶᠢᠨ ᠨᠤᠮ ᠤᠨ ᠰᠠᠩ᠂ ᠪᠦᠬᠦ ᠤᠷᠤᠨ ᠤ ᠡᠯ᠎ᠡ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠳᠤ ᠬᠦᠷᠭᠡᠭ᠍ᠰᠡᠨ ᠪᠠᠶᠢᠨ᠎ᠠ᠃

    ᠦᠪᠦᠷ ᠮᠤᠩᠭ᠋ᠤᠯ ᠤᠨ ᠰᠤᠶᠤᠯ ᠤᠷᠠᠯᠢᠭ ᠤᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠵᠤᠬᠢᠶᠠᠨ ᠪᠠᠶᠢᠭᠤᠯᠵᠤ ᠬᠡᠷᠡᠭᠵᠢᠭᠦᠯᠦᠭᠰᠡᠨ ᠳᠠᠯ᠎ᠠ ᠨᠤᠳᠤᠭ ᠤᠨ ᠰᠤᠶᠤᠯ ᠤᠨ ᠭᠤᠤᠯ ᠤᠢᠢᠯᠠᠭᠠᠭᠳᠠᠬᠤᠨ ᠢᠶᠠᠷ ᠭᠤᠤᠯ ᠪᠤᠯᠭᠠᠭᠰᠠᠨ᠂ ᠦᠪᠦᠷ ᠮᠤᠩᠭ᠋ᠤᠯ ᠤᠨ ᠳᠡᠦᠭᠡ ᠰᠤᠶᠤᠯ ᠤᠨ ᠪᠠᠶᠢᠳᠠᠯ ᠪᠠ ᠦᠭᠡᠷᠡᠴᠢᠯᠡᠯᠳᠡ ᠬᠦᠭ᠍ᠵᠢᠯᠳᠡ ᠶᠢᠨ ᠴᠠᠭ ᠦᠶ᠎ᠡ ᠶᠢᠨ ᠵᠤᠷᠢᠭ ᠰᠠᠨᠠᠭ᠎ᠠ ᠪᠠᠷ ᠭᠤᠤᠯ ᠪᠤᠯᠭᠠᠭᠰᠠᠨ ᠴᠢᠬᠤᠯᠠ ᠶᠡᠭᠡ ᠢᠨᠵᠸᠨ᠋ᠸᠷᠢᠩ ᠪᠤᠯᠤᠨ᠎ᠠ᠃ ᠲᠤᠰ ᠢᠨᠵᠸᠨ᠋ᠸᠷᠢᠩ ᠢ ᠬᠡᠷᠡᠭᠵᠢᠭᠦᠯᠦᠭᠰᠡᠨ ᠠᠴᠠ ᠨᠠᠰᠢ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠶᠢᠨ ᠬᠠᠯᠠᠮᠵᠢᠯᠠᠯ ᠵᠢᠴᠢ ᠡᠯ᠎ᠡ ᠲᠦᠷᠦᠯ ᠵᠦᠢᠯ ᠢ ᠬᠡᠷᠡᠭᠵᠢᠭᠦᠯᠬᠦ ᠪᠠᠶᠢᠭᠤᠯᠤᠯᠭ᠎ᠠ ᠬᠢᠬᠡᠳ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠤᠷᠠᠯᠢᠭᠴᠢᠨ᠂ ᠡᠷᠳᠡᠮᠳᠡᠨ ᠮᠠᠷᠭᠡᠵᠢᠯᠳᠡᠳ ᠤᠨ ᠬᠠᠮᠳᠤ ᠶᠢᠨ ᠴᠢᠷᠮᠠᠶᠢᠯᠭ᠎ᠠ ᠪᠠᠷ᠂ ᠬᠦᠴᠢᠷ ᠪᠡᠷᠭᠡᠰᠢᠶᠠᠯ ᠢ ᠢᠯᠠᠨ ᠳᠠᠪᠠᠵᠤ᠂ ᠲᠦᠷᠦᠯ ᠵᠦᠢᠯ ᠤᠨ ᠪᠦᠳᠦᠭᠡᠯ ᠤᠳ ᠨᠢ ᠬᠤᠶᠢᠨ᠎ᠠ ᠬᠤᠶᠢᠨ᠎ᠠ ᠠᠴᠠ ᠪᠠᠨ ᠬᠡᠪᠯᠡᠭᠳᠡᠵᠡᠢ᠃

    ᠲᠦᠷᠦᠯ ᠵᠦᠢᠯ ᠤᠨ ᠦᠷ᠎ᠡ ᠪᠦᠳᠦᠮᠵᠢ ᠶᠢ ᠦᠨᠳᠦᠰᠦᠲᠡᠨ ᠤ ᠰᠤᠶᠤᠯ ᠢ ᠤᠯᠠᠮᠵᠢᠯᠠᠨ ᠬᠠᠮᠠᠭᠠᠯᠠᠬᠤ ᠠᠵᠢᠯ ᠳᠤ ᠨᠡᠩ ᠰᠠᠶᠢᠳᠤᠷ ᠦᠢᠯᠡᠴᠢᠯᠡᠬᠦᠯᠬᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠨᠢᠭᠡᠨᠳᠡ ᠬᠡᠪᠯᠡᠭᠳᠡᠭᠰᠡᠨ ᠨᠤᠮ ᠪᠢᠴᠢᠭ᠌ ᠢ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠢᠨ ᠳᠤ ᠬᠠᠨᠳᠢᠪᠯᠠᠨ ᠬᠦᠷᠬᠡᠬᠦ ᠪᠠᠷ ᠲᠤᠭᠳᠠᠪᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122054576