蒙古文网站Logo
ᠰᠢᠨᠬᠤᠸᠠ ᠮᠤᠩᠭ᠋ᠤᠯ ᠨᠧᠲ

ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶ᠋ᠢᠨ ᠬᠦᠬᠢᠭᠦᠯᠦᠨ ᠰᠠᠶᠢᠰᠢᠶᠠᠬᠣ ᠶᠡᠭᠡ ᠬᠤᠷᠠᠯ ᠬᠦᠬᠡᠬᠤᠳᠠ  ᠳ᠋ᠤ ᠬᠣᠷᠠᠯᠳᠣᠪᠠ

2017-12-06 13:31

    4 ᠤ ᠦᠳᠡ ᠡᠴᠡ ᠡᠮᠦᠨ᠎ᠡ᠂ ᠤᠷᠤᠨ ᠳᠠᠶᠠᠭᠠᠷ ᠤᠨ ᠤᠯᠠᠭᠠᠨᠮᠦ᠋ᠴᠢᠷ ᠤᠨ ᠠᠵᠢᠯ  ᠤᠨ ᠬᠤᠷᠠᠯ ᠵᠢᠴᠢ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ  ᠤᠨ ᠤᠢ ᠶ᠋ᠢᠨ ᠬᠦᠬᠢᠭᠦᠯᠦᠨ ᠰᠠᠶᠢᠰᠢᠶᠠᠬᠣ ᠶᠡᠭᠡ ᠬᠤᠷᠠᠯ ᠬᠦᠬᠡᠬᠤᠲᠠ  ᠳ᠋ᠤ ᠬᠣᠷᠠᠯᠳᠣᠪᠠ᠃ ᠬᠤᠷᠠᠯ ᠢᠶᠡᠷ᠂ ᠤᠷᠤᠨ ᠳᠠᠶᠠᠭᠠᠷ ᠤᠨ ᠠᠷᠪᠠᠨ ᠰᠣᠳᠣᠨ ᠤᠯᠠᠭᠠᠨᠮᠦ᠋ᠴᠢᠷ᠂ ᠰᠢᠯᠢᠳᠡᠭ ᠤᠯᠠᠭᠠᠨᠮᠦ᠋ᠴᠢᠷ ᠤᠨ ᠳᠠᠷᠤᠭ᠎ᠠ᠂ ᠤᠯᠠᠭᠠᠨᠮᠦ᠋ᠴᠢᠷ ᠤᠨ ᠦᠢᠯᠡᠰ ᠲᠤ ᠤᠨᠴᠠᠭᠠᠢ ᠬᠣᠪᠢ ᠨᠡᠮᠡᠷᠢ ᠦᠵᠡᠭᠦᠯᠦᠭᠰᠡᠨ ᠱᠠᠩᠨᠠᠯ ᠬᠦ᠋ᠷᠳᠡᠭᠰᠡᠳ᠂ ᠤᠯᠠᠭᠠᠨᠮᠦ᠋ᠴᠢᠷ ᠲᠤ 30 ᠵᠢᠯ ᠡᠴᠠ ᠳᠡᠭᠡᠭ᠍ᠰᠢ ᠠᠵᠢᠯᠯᠠᠭᠰᠠᠨ ᠰᠢᠯᠢᠳᠡᠭ ᠬᠡᠰᠢᠬᠦᠳ ᠢ ᠬᠦᠬᠢᠭᠦᠯᠦᠨ ᠰᠠᠶᠢᠰᠢᠶᠠᠬᠰᠠᠨ ᠪᠠᠶᠢᠨ᠎ᠠ᠃

    ᠬᠤᠷᠠᠯ ᠢᠶᠡᠷ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠭᠣᠣᠯ ᠬᠠᠷᠢᠭᠤᠴᠠᠯᠭᠠᠲᠠᠨ ᠡᠴᠡ᠂ ᠡᠯ᠎ᠡ ᠱᠠᠲᠤᠨ ᠤ ᠨᠠᠮ ᠤᠨ ᠬᠣᠷᠢᠶ᠎ᠠ᠂ ᠵᠠᠰᠠᠭ ᠤᠨ ᠣᠷᠳᠣᠨ ᠤᠯᠠᠭᠠᠨᠮᠦ᠋ᠴᠢᠷ ᠤᠨ ᠠᠵᠢᠯ ᠦᠢᠯᠡᠰ ᠦᠨ ᠬᠦᠭ᠍ᠵᠢᠯᠲᠡ ᠶ᠋ᠢ ᠴᠢᠬᠤᠯᠠ ᠵᠦᠪᠯᠡᠬᠦ ᠵᠦᠢᠯ ᠳ᠋ᠦ ᠪᠠᠨ ᠣᠷᠣᠭᠤᠯᠵᠤ᠂ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠪᠠ ᠪᠠᠲᠤᠯᠠᠭᠠᠨ ᠤ ᠡᠷᠴᠢᠮ ᠢᠶᠡᠨ ᠴᠢᠩ᠋ᠭᠠᠷᠠᠭᠤᠯᠤᠨ᠂ ᠤᠯᠠᠭᠠᠨᠮᠦ᠋ᠴᠢᠷ ᠦᠨ ᠦᠢᠯᠡᠰ ᠦᠨ ᠦᠷᠭᠦᠯᠵᠢᠯᠡᠨ ᠡᠷᠡᠭᠦᠯ ᠢᠶᠡᠷ ᠬᠦᠭ᠍ᠵᠢᠬᠦ ᠳ᠋ᠤ ᠲᠦᠰᠢᠭ ᠲᠤᠯᠭᠠᠭᠤᠷᠢ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠵᠡᠢ᠃

    ᠤᠶᠢᠯᠠᠭᠠᠭᠰᠠᠨ ᠢᠶᠠᠷ᠂ ᠥᠪᠥᠷ ᠮᠣᠩᠭᠣᠯ ᠳ᠋ᠤ ᠣᠳᠣ 75 ᠤᠯᠠᠭᠠᠨᠮᠦ᠋ᠴᠢᠷ ᠲᠠᠢ᠂ ᠵᠢᠯ ᠪᠦᠷᠢ 7100 ᠭᠠᠷᠤᠢ ᠲᠠᠯᠠᠪᠤᠷ ᠲᠣᠭᠯᠠᠯᠲᠠ ᠭᠠᠷᠭᠠᠵᠦ ᠪᠤᠢ᠂ ᠣᠳᠣ ᠦᠶ᠎ᠡ ᠶ᠋ᠢᠨ ᠤᠬᠠᠭᠤᠯᠬᠤ ᠠᠷᠭ᠎ᠠ ᠪᠠᠷᠢᠯ ᠢ ᠬᠡᠷᠡᠭᠯᠡᠨ᠂ ᠰᠢᠨ᠎ᠡ ᠦᠵᠡᠯᠲᠡ ᠶ᠋ᠢ ᠳᠡᠯᠭᠡᠷᠡᠭᠦᠯᠵᠤ᠂ ᠰᠢᠨ᠎ᠡ ᠬᠡᠪ ᠰᠤᠷᠲᠠᠯ ᠢ ᠡᠷᠬᠢᠮᠯᠡᠭᠰᠡᠨ ᠡᠴᠠ ᠡᠯ᠎ᠡ ᠦᠨᠳᠦᠰᠦᠲᠡᠨ ᠦ ᠦᠵᠡᠭᠴᠢᠳ ᠦᠨ ᠲᠣᠭ᠎ᠠ ᠬᠡᠳᠦᠨ ᠵᠠᠭᠤᠨ ᠲᠦᠮᠡ ᠳ᠋ᠤ ᠬᠦᠷᠪᠡ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122066674