蒙古文网站Logo
ᠰᠢᠨᠬᠤᠸᠠ ᠮᠤᠩᠭ᠋ᠤᠯ ᠨᠧᠲ

《ᠮᠤᠩᠭ᠋ᠤᠯ ᠦᠨᠳᠦᠰᠦᠳᠡᠨ ᠤ ᠤᠷᠠᠨ ᠵᠤᠬᠢᠶᠠᠯ ᠤᠨ ᠨᠡᠪᠲᠡᠷᠬᠡᠢ ᠲᠡᠦᠬᠡ》 ᠬᠡᠪᠯᠡᠭᠳᠡᠨ ᠲᠠᠷᠬᠠᠭᠠᠭᠳᠠᠪᠠ

2017-12-10 12:24

    ᠤᠶᠢᠷ᠎᠎ᠠ ᠳᠤ᠂ 《ᠮᠤᠩᠭ᠋ᠤᠯ ᠦᠨᠳᠦᠰᠦᠳᠡᠨ ᠤ ᠤᠷᠠᠨ ᠵᠤᠬᠢᠶᠠᠯ ᠤᠨ ᠨᠡᠪᠲᠡᠷᠬᠡᠢ ᠲᠡᠦᠬᠡ》 ᠶᠢ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶᠠᠨ ᠡᠴᠡ ᠬᠡᠪᠯᠡᠬᠦᠯᠦᠨ ᠲᠠᠷᠬᠠᠭᠠᠪᠠ᠃ ᠲᠤᠰ ᠨᠤᠮ ᠨᠢ ᠮᠤᠩᠭ᠋ᠤᠯ ᠤᠷᠠᠨ ᠵᠤᠬᠢᠶᠠᠯ ᠤᠨ ᠰᠤᠳᠤᠯᠭᠠᠨ ᠤ ᠬᠤᠭᠤᠰᠤᠨ ᠢ ᠨᠦᠬᠦᠪᠦᠷᠢᠯᠡᠭᠰᠡᠨ ᠬᠡᠮᠡᠨ ᠡᠷᠳᠡᠮᠳᠡᠳ ᠦᠵᠡᠵᠤ ᠪᠤᠢ᠃

    ᠤᠶᠢᠯᠠᠭᠠᠭᠰᠠᠨ ᠢᠶᠡᠷ᠂ 2014 ᠤᠨ ᠡᠴᠡ ᠨᠠᠰᠢ ᠦᠪᠦᠷ ᠮᠤᠩᠭ᠋ᠤᠯ ᠤᠷᠤᠨ ᠤ ᠲᠤᠳᠤᠭᠠᠳᠤ ᠭᠠᠳᠠᠭᠠᠳᠤ ᠶᠢᠨ 13 ᠰᠤᠳᠤᠯᠤᠭᠠᠳᠠᠨ ᠬᠤᠶᠠᠷ ᠵᠢᠯ ᠭᠠᠷᠤᠢ ᠶᠢᠨ ᠴᠢᠷᠮᠠᠶᠢᠯᠭ᠎ ᠠ ᠪᠡᠷ《ᠮᠤᠩᠭ᠋ᠤᠯ ᠦᠨᠳᠦᠰᠦᠳᠡᠨ ᠤ ᠤᠷᠠᠨ ᠵᠤᠬᠢᠶᠠᠯ ᠤᠨ ᠨᠡᠪᠲᠡᠷᠬᠡᠢ ᠲᠡᠦᠬᠡ》 ᠶᠢᠨ ᠡᠴᠦᠰ ᠤᠨ ᠨᠠᠶᠢᠷᠠᠭᠤᠯᠤᠨ ᠲᠤᠭᠤᠷᠪᠢᠬᠤ ᠠᠵᠢᠯ ᠢ ᠠᠮᠵᠢᠯᠳᠠ ᠲᠠᠢ ᠲᠠᠭᠤᠰᠬᠠᠭᠰᠠᠨ ᠪᠠᠶᠢᠨ᠎ᠠ᠃ ᠲᠤᠰ《ᠮᠤᠩᠭ᠋ᠤᠯ ᠦᠨᠳᠦᠰᠦᠳᠡᠨ ᠤ ᠤᠷᠠᠨ ᠵᠤᠬᠢᠶᠠᠯ ᠤᠨ ᠨᠡᠪᠲᠡᠷᠬᠡᠢ ᠲᠡᠦᠬᠡ》 ᠨᠢ ᠨᠡᠶᠢᠳᠡ 5 ᠪᠤᠳᠢ᠂ 280 ᠲᠦᠮᠡ ᠰᠢᠬᠠᠮ ᠦᠰᠦᠭ ᠲᠠᠢ᠃

ᠢᠷᠡᠯᠳᠡ᠄ ᠬᠦᠬᠡᠬᠤᠳᠠ ᠶᠢᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122086776