蒙古文网站Logo
ᠰᠢᠨᠬᠤᠸᠠ ᠮᠤᠩᠭ᠋ᠤᠯ ᠨᠧᠲ

ᠡᠩᠬᠡ ᠠᠮᠤᠭᠤᠯᠠᠩ ᠤᠨ ᠰᠤᠷᠤᠯᠴᠠᠵᠤ ᠪᠠᠶᠢᠭᠰᠠᠨ 《 ᠭ᠍ᠸᠤᠮᠧᠲ᠋ᠷᠢ ᠶᠢᠨ ᠤᠤᠯ ᠡᠬᠡ》 ᠶᠢ ᠦᠪᠦᠷ ᠮᠤᠩᠭ᠋ᠤᠯ ᠳ᠋ᠤ ᠲᠡᠯᠭᠡᠨ ᠦᠵᠡᠬᠦᠯᠪᠡ

2017-12-20 11:37

    12 ᠰᠠᠷ᠎ᠠ ᠶᠢᠨ 19 ᠤ ᠡᠲᠦᠷ᠂ ᠮᠠᠨᠵᠤ ᠦᠰᠦᠭ ᠤᠨ 《 ᠭ᠍ᠸᠤᠮᠧᠲ᠋ᠷᠢ ᠶᠢᠨ ᠤᠤᠯ ᠡᠬᠡ》 ᠶᠢ ᠦᠪᠦᠷ ᠮᠤᠩᠭ᠋ᠤᠯ ᠤᠨ ᠬᠦᠬᠡᠬᠤᠲᠠ ᠳ᠋ᠤ ᠲᠡᠯᠭᠡᠨ ᠦᠵᠡᠬᠦᠯᠪᠡ᠃ ᠲᠤᠰ ᠨᠤᠮ ᠢ ᠡᠦ ᠵᠢᠢ ᠯᠢ ᠳ᠋ᠧ ᠵᠤᠬᠢᠶᠠᠵᠤ᠂ ᠹᠷᠠᠨᠼᠢ ᠬᠦᠮᠦᠨ ᠪᠠᠢ ᠵᠢᠨ᠂ ᠵᠠᠩ ᠴᠧᠩ ᠤᠷᠴᠢᠭᠤᠯᠤᠨ ᠨᠠᠶᠢᠷᠠᠭᠤᠯᠪᠠ᠃ ᠳᠠᠨᠢᠯᠴᠠᠭᠤᠯᠤᠭᠰᠠᠨ ᠢᠶᠡᠷ᠂ ᠨᠤᠮ ᠳ᠋ᠡᠬᠢ ᠤᠯᠠᠭᠠᠨ ᠦᠩᠭᠡ ᠲᠠᠢ ᠬᠡᠰᠡᠭ ᠢ ᠡᠩᠬᠡ ᠠᠮᠤᠭᠤᠯᠠᠩ ᠰᠤᠷᠤᠯᠴᠠᠵᠤ ᠪᠠᠶᠢᠬᠤ ᠦᠶ᠎ᠠ ᠳ᠋ᠡᠭᠡᠨ ᠲᠡᠮᠲᠡᠭᠯᠡᠭᠰᠡᠨ ᠪᠠᠶᠢᠵᠤ᠂ ᠡᠩᠬᠡ ᠠᠮᠤᠭᠤᠯᠠᠩ ᠤᠨ ᠬᠡᠷᠡᠭᠯᠡᠵᠦ ᠪᠠᠶᠢᠭᠰᠠᠨ ᠤᠭ ᠨᠤᠮ ᠶᠤᠮ ᠪᠠᠶᠢᠨ᠎ᠠ᠃ ᠨᠤᠮ ᠨᠢ ᠭᠠᠷ ᠪᠢᠴᠢᠮᠠᠯ ᠤᠨ ᠮᠠᠨᠵᠤ ᠦᠰᠦᠭ ᠪᠠᠶᠢᠵᠤ ᠠᠩᠬᠠᠨ ᠤ ᠡᠭᠡᠯᠵᠢ ᠶᠢᠨ 《ᠤᠯᠤᠰ ᠤᠨ ᠬᠤᠪᠤᠷ ᠴᠤᠬᠠᠭ ᠡᠷᠲᠡᠨ ᠤ ᠨᠤᠮ ᠤᠨ ᠵᠢᠬᠰᠠᠭᠠᠯᠲᠠ》 ᠳ᠋ᠤ ᠰᠤᠩᠭ᠋ᠤᠭᠲᠠᠵᠠᠢ᠃

    ᠤᠶᠢᠷ᠎ᠠ ᠳ᠋ᠤ ᠦᠪᠦᠷ ᠮᠤᠩᠭ᠋ᠤᠯ ᠤᠨ ᠨᠤᠮ ᠤᠨ ᠰᠠᠩ ᠳ᠋ᠤ ᠰᠦᠩ᠂ ᠶᠤᠧᠠᠨ᠂ ᠮᠢᠩ᠂ ᠴᠢᠩ ᠤᠨ ᠦᠶ᠎ᠠ ᠶᠢᠨ 150 ᠡᠷᠲᠡᠨ ᠤ ᠬᠢᠲᠠᠳ᠂ ᠮᠠᠨᠵᠤ᠂ ᠮᠤᠩᠭ᠋ᠤᠯ᠂ ᠲᠦᠪᠡᠳ᠂ ᠬᠢᠲᠠᠨ ᠵᠡᠷᠭᠡ ᠦᠰᠦᠭ ᠤᠨ ᠨᠤᠮ ᠰᠤᠲᠤᠷ ᠢ ᠲᠡᠯᠭᠡᠨ ᠦᠵᠡᠬᠦᠯᠵᠤ ᠪᠠᠶᠢᠨ᠎ᠠ᠃ ᠡᠲᠡᠭᠡᠷ ᠨᠤᠮ ᠰᠤᠲᠤᠷ ᠨᠢ ᠴᠦᠮ ᠤᠭ ᠡᠬᠡ ᠪᠤᠯᠤᠭᠰᠠᠨ ᠶᠢᠡᠷ ᠶᠢᠡᠨ ᠤᠨᠴᠠᠯᠠᠭᠲᠠᠨ᠎ᠠ᠃ ( ᠵᠢᠷᠤᠭ ᠢ ᠲᠤᠮᠲᠠᠲᠤ ᠤᠯᠤᠰ ᠤᠨ ᠮᠡᠲᠡᠭᠡ ᠮᠡᠲᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ ᠯᠢᠦ ᠸᠸᠨ ᠬᠤᠧᠠ )

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠶᠢᠨ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122140146