蒙古文网站Logo
ᠰᠢᠨᠬᠤᠸᠠ ᠮᠤᠩᠭ᠋ᠤᠯ ᠨᠧᠲ

ᠴᠠᠬ ᠦᠶ᠎ᠡ ᠶᠢᠨ ᠨᠠᠶᠢᠷᠠᠯ•ᠲᠤᠮᠳᠠᠳᠤ ᠤᠯᠤᠰ ᠤᠨ ᠬᠤᠷᠴᠢᠨ ᠠᠷᠠᠳ ᠤᠨ ᠤᠷᠳᠤ ᠶᠢᠨ ᠲᠠᠭᠤᠤ ᠶᠢᠨ ᠺᠤᠨᠼᠧᠷᠲ ᠬᠦᠬᠡᠬᠤᠳᠠ ᠳᠤ ᠪᠤᠯᠤᠨ᠎ᠠ

2017-12-30 13:34

    ᠦᠨᠳᠦᠰᠦᠳᠡᠨ ᠤ ᠤᠷᠠᠯᠢᠭ ᠢᠶᠡᠷ ᠭᠤᠤᠯᠯᠠᠭᠤᠯᠤᠨ ᠬᠤᠷᠴᠢᠨ ᠠᠷᠠᠳ ᠤᠨ ᠤᠷᠳᠤ ᠶᠢᠨ ᠲᠠᠭᠤᠤ ᠪᠡᠷ ᠰᠦᠭ᠌ ᠰᠦᠨᠡᠰᠦ ᠪᠡᠨ ᠪᠤᠯᠭᠠᠭᠰᠠᠨ 《 ᠴᠠᠭ ᠦᠶ᠎ᠡ ᠶᠢᠨ ᠨᠠᠶᠢᠷᠠᠯ•ᠲᠤᠮᠳᠠᠳᠤ ᠤᠯᠤᠰ ᠤᠨ ᠬᠤᠷᠴᠢᠨ ᠠᠷᠠᠳ ᠤᠨ ᠤᠷᠳᠤ ᠶᠢᠨ ᠲᠠᠭᠤᠤ ᠶᠢᠨ ᠺᠤᠨᠼᠧᠷᠲ》2018 ᠤᠨ ᠤ 1 ᠰᠠᠷ᠎ᠠ ᠶᠢᠨ 14 ᠤ ᠤᠷᠤᠢ ᠶᠢᠨ 8᠄00 ᠴᠠᠭ ᠲᠤ ᠬᠦᠬᠡᠬᠤᠳᠠ ᠶᠢᠨ ᠦᠪᠦᠷ ᠮᠤᠩᠭ᠋ᠤᠯ ᠤᠨ ᠤᠷᠠᠯᠢᠭ ᠤᠨ ᠲᠡᠭᠡᠳᠤ ᠰᠤᠷᠭᠠᠭᠤᠯᠢ ᠳᠤ ᠵᠤᠬᠢᠶᠠᠨ ᠪᠠᠶᠢᠭᠤᠯᠤᠭᠳᠠᠨ᠎ᠠ᠃

    ᠲᠤᠰ ᠤᠳᠠᠭᠠᠨ ᠤ ᠠᠵᠢᠯᠯᠠᠭ᠎ᠠ ᠶᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠦᠷ ᠮᠤᠩᠭ᠋ᠤᠯ ᠤᠨ ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠲᠦᠪ᠂ ᠲᠦᠩᠯᠢᠶᠤᠤ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠬᠠᠮᠳᠤᠷᠠᠨ ᠵᠤᠬᠢᠶᠠᠨ ᠪᠠᠶᠢᠭᠤᠯᠤᠨ᠎ᠠ᠃ ᠺᠤᠨᠼᠧᠷᠲ ᠲᠤ ᠦᠪᠦᠷ ᠮᠤᠩᠭ᠋ᠤᠯ ᠤᠨ ᠬᠦᠬᠡᠬᠤᠳᠠ᠂ ᠲᠦᠩᠯᠢᠶᠤᠤ᠂ ᠬᠢᠩᠭ᠋ᠠᠨ᠂ ᠤᠯᠠᠭᠠᠨᠬᠠᠳᠠ ᠵᠡᠷᠭᠡ ᠠᠶᠢᠮᠠᠭ ᠬᠤᠳᠠ ᠪᠤᠯᠤᠨ ᠤᠷᠤᠰ᠂ ᠮᠤᠩᠭ᠋ᠤᠯ ᠤᠯᠤᠰ ᠡᠴᠡ ᠬᠦᠷᠦᠯᠴᠠᠨ ᠢᠷᠡᠭᠰᠡᠨ ᠲᠠᠭᠤᠴᠢᠳ ᠭᠤᠴᠤ ᠰᠠᠶᠢᠬᠠᠨ ᠲᠤᠭᠯᠠᠯᠳᠠ ᠪᠠᠨ ᠦᠵᠡᠭᠴᠢ ᠤᠯᠠᠨ ᠳᠤ ᠲᠤᠯᠢᠯᠠᠭᠤᠯᠬᠤ ᠪᠤᠯᠤᠨ᠎ᠠ᠃

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122189526