蒙古文网站Logo
ᠰᠢᠨᠬᠤᠸᠠ ᠮᠤᠩᠭ᠋ᠤᠯ ᠨᠧᠲ

2017 ᠤᠨ ᠳᠤ 559 ᠳ᠋ᠦᠩᠰᠢᠭᠤᠷ ᠲᠦᠭᠦᠷᠢᠭ᠌ ᠤᠨ ᠺᠢᠨᠤ‍ ᠲᠠᠰᠤᠯᠪᠤᠷᠢ ᠬᠤᠳᠠᠯᠳᠤᠵᠠᠢ

2018-01-03 10:36

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠪᠠᠢ ᠶᠢᠩ᠂ ᠱᠢ ᠵᠢᠩ ᠨᠠᠨ) ᠰᠤᠨᠢᠨ ᠮᠡᠳᠡᠭᠡ ᠬᠡᠪᠯᠡᠯ ᠷᠠᠳᠢᠤ‍ ᠲᠧᠯᠸᠶ᠋ᠰ ᠤᠨ ᠶᠡᠷᠦᠩᠬᠡᠢ ᠲᠤᠪᠴᠢᠶ᠎ᠠ ᠶᠢᠨ ᠺᠢᠨᠤ‍ ᠶᠢᠨ ᠳᠤᠪᠴᠢᠶ᠎ᠠ ᠶᠢᠨ 2017 ᠤᠨ ᠤ 12 ᠰᠠᠷ᠎ᠠ ᠶᠢᠨ 31 ᠤ ᠤᠷᠤᠢ ᠶᠢᠨ ᠨᠡᠶᠢᠲᠡᠯᠡᠭᠰᠡᠨ ᠳ᠋ᠠᠶᠢᠲ᠋ᠠ ᠡᠴᠡ ᠲᠤᠳᠤᠷᠠᠭᠤᠯᠤᠬᠰᠠᠨ ᠢᠶᠡᠷ᠂ 2017 ᠤᠨ ᠳᠤ ᠤᠯᠤᠰ ᠳᠠᠶᠠᠭᠠᠷ ᠨᠡᠶᠢᠲᠡ 559.11 ᠳ᠋ᠦᠩᠰᠢᠭᠤᠷ ᠲᠦᠭᠦᠷᠢᠭ᠌ ᠤᠨ ᠺᠢᠨᠤ‍ ᠲᠠᠰᠤᠯᠪᠤᠷᠢ ᠬᠤᠳᠠᠯᠳᠤᠵᠦ᠂ ᠡᠨᠡ ᠨᠢ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 13.45% ᠪᠡᠷ ᠨᠡᠮᠡᠭᠳᠡᠭᠰᠡᠨ ᠪᠠᠶᠢᠨ᠎ᠠ᠃ ᠡᠭᠦᠨ ᠳᠤ ᠮᠠᠨ ᠤ ᠤᠯᠤᠰ ᠤᠨ ᠦᠪᠡᠷ ᠢᠶᠡᠨ ᠰᠡᠭᠦᠳᠡᠷᠯᠡᠵᠦ ᠪᠦᠲᠦᠭᠡᠭᠰᠡᠨ ᠺᠢᠨᠤ‍ ᠶᠢᠨ ᠲᠠᠰᠤᠯᠪᠤᠷᠢ ᠵᠢ 301.04 ᠳ᠋ᠦᠩᠰᠢᠭᠤᠷ ᠲᠦᠭᠦᠷᠢᠭ᠌ ᠬᠤᠳᠠᠯᠳᠤᠵᠦ᠂ ᠶᠡᠷᠦᠩᠬᠡᠢ ᠲᠤᠭᠠᠨ ᠤ 53.84% ᠵᠢ ᠡᠵᠡᠯᠡᠭᠰᠡᠨ ᠪᠠ ᠳ᠋ᠦᠩᠰᠢᠭᠤᠷ ᠲᠦᠭᠦᠷᠢᠭ᠌ ᠡᠴᠡ ᠳᠡᠭᠡᠭᠰᠢ ᠲᠠᠰᠤᠯᠪᠤᠷᠢ ᠬᠤᠳᠠᠯᠳᠤᠬᠰᠠᠨ ᠪᠦᠬᠦᠶᠢᠯᠡ 92 ᠺᠢᠨᠤ‍ ᠶᠢᠨ 51% ᠵᠢ ᠡᠵᠡᠯᠡᠭᠰᠡᠨ ᠪᠠᠶᠢᠨ᠎ᠠ᠃

    ᠲᠠᠨᠢᠯᠴᠠᠭᠤᠯᠤᠬᠰᠠᠨ ᠢᠶᠡᠷ᠂ ᠦᠩᠭᠡᠷᠡᠭᠰᠡᠨ ᠤᠨ ᠳᠤ ᠤᠯᠤᠰ ᠤᠨ ᠲᠤᠳᠤᠭᠠᠲᠤ ᠶᠢᠨ 13 ᠺᠢᠨᠤ‍ 5 ᠳ᠋ᠦᠩᠰᠢᠭᠤᠷ ᠲᠦᠭᠦᠷᠢᠭ᠌ ᠡᠴᠡ ᠳᠡᠭᠡᠭᠰᠢ ᠲᠠᠰᠤᠯᠪᠤᠷᠢ ᠬᠤᠳᠠᠯᠳᠤᠬᠰᠠᠨ ᠪᠠ 6 ᠺᠢᠨᠤ‍ ᠨᠢ 10 ᠳ᠋ᠦᠩᠰᠢᠭᠤᠷ ᠲᠦᠭᠦᠷᠢᠭ᠌ ᠢ ᠳᠠᠪᠠᠬᠰᠠᠨ ᠪᠠᠶᠢᠨ᠎ᠠ᠃ ᠡᠭᠦᠨ ᠳᠤ ᠺᠢᠨᠤ‍《ᠳᠠᠶᠢᠴᠢᠨ ᠪᠠᠶᠢᠯᠳᠤᠬᠴᠢ(战狼)2》 ᠨᠢ 56.83 ᠳ᠋ᠦᠩᠰᠢᠭᠤᠷ ᠲᠦᠭᠦᠷᠢᠭ᠌ ᠤᠨ ᠲᠠᠰᠤᠯᠪᠤᠷᠢ ᠪᠠ 1.6 ᠳ᠋ᠦᠩᠰᠢᠭᠤᠷ (ᠳᠠᠪᠬᠤᠷᠳᠠᠬᠰᠠᠨ ᠲᠤᠭ᠎ᠠ) ᠦᠵᠡᠭᠴᠢᠳ ᠤᠨ ᠬᠢᠷᠢ ᠪᠦᠲᠦᠮᠵᠢ ᠪᠠᠷ ᠺᠢᠨᠤ‍ ᠶᠢᠨ ᠵᠠᠬ᠎ᠠ ᠶᠢᠨ ᠤᠯᠠᠨ ᠲᠦᠷᠦᠯ ᠤᠨ ᠳᠡᠮᠳᠡᠭᠯᠡᠯ ᠢ ᠰᠢᠨᠡᠳᠬᠡᠵᠦ᠂ ᠤᠯᠤᠰ ᠤᠨ ᠲᠤᠳᠤᠭᠠᠳᠤ ᠶᠢᠨ ᠺᠢᠨᠤ‍ ᠨᠤᠭᠤᠳ ᠤᠨ ᠤᠳᠤ ᠰᠤᠳᠤ ᠨᠢ ᠪᠤᠯᠵᠦ᠂ ᠳᠤᠮᠳᠠᠳᠤ ᠤᠯᠤᠰ ᠤᠨ ᠺᠢᠨᠤ‍ ᠶᠢᠨ ᠦᠢᠯᠡᠰ ᠤᠨ ᠬᠦᠭᠵᠢᠯᠲᠡ ᠳᠤ ᠬᠤᠪᠢ ᠨᠡᠮᠡᠷᠢ ᠪᠠᠨ ᠤᠷᠤᠭᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122199820