蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠨᠤᠮ ᠤᠨ ᠰᠠᠩ ᠤᠨ ᠬᠢᠨ ᠬᠡᠦᠬᠡᠳ ᠪᠠᠭᠠᠴᠤᠳ ᠤᠨ ᠰᠢᠨ᠎ᠡ ᠤᠨ ᠶᠢᠡᠨ ᠤᠭᠲᠤᠬᠤ ᠤᠷᠠᠨ ᠰᠠᠶᠢᠬᠠᠨ ᠤ ᠠᠵᠢᠯᠯᠠᠭ᠎ᠠ ᠵᠤᠬᠢᠶᠠᠨ ᠪᠠᠶᠢᠭᠤᠯᠵᠠᠢ

2018-01-03 13:13

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 1 ᠰᠠᠷ᠎ᠠ ᠶᠢᠨ 2 ᠤᠨ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ) ᠦᠪᠦᠷ ᠮᠤᠩᠭ᠋ᠤᠯ ᠤᠨ ᠨᠤᠮ ᠤᠨ ᠰᠠᠩ ᠤᠨ 《ᠴᠤᠮᠤᠷᠯᠢᠭ》ᠮᠤᠩᠭ᠋ᠤᠯ ᠬᠡᠯᠡ ᠤᠷᠠᠨ ᠪᠢᠴᠢᠯᠭᠡ ᠶᠢᠨ ᠠᠩᠬᠢ ᠶᠢᠨ ᠰᠢᠨ᠎ᠡ ᠤᠨ ᠶᠢᠡᠨ ᠤᠭᠲᠤᠬᠤ ᠤᠷᠠᠨ ᠰᠠᠶᠢᠬᠠᠨ ᠤ ᠠᠵᠢᠯᠯᠠᠭ᠎ᠠ ᠦᠩᠭᠡᠷᠡᠭᠰᠡᠨ ᠤᠨ ᠤ 12 ᠰᠠᠷ᠎ᠠ ᠶᠢᠨ 30 ᠤ ᠡᠲᠦᠷ ᠦᠪᠦᠷ ᠮᠤᠩᠭ᠋ᠤᠯ ᠤᠨ ᠨᠤᠮ ᠤᠨ ᠰᠠᠩ ᠳ᠋ᠤ ᠶᠠᠪᠤᠭᠲᠠᠵᠠᠢ᠃

    ᠤᠷᠠᠨ ᠰᠠᠶᠢᠬᠠᠨ ᠤ ᠠᠵᠢᠯᠯᠠᠭ᠎ᠠ ᠳ᠋ᠤ 《 ᠴᠤᠮᠤᠷᠯᠢᠭ》 ᠮᠤᠩᠭ᠋ᠤᠯ ᠬᠡᠯᠡᠨ ᠤ ᠠᠩᠬᠢ᠂ ᠤᠷᠠᠨ ᠪᠢᠴᠢᠯᠭᠡ ᠶᠢᠨ ᠠᠩᠬᠢ ᠶᠢᠨ ᠰᠤᠷᠤᠭᠴᠢᠳ ᠡᠴᠡ ᠰᠢᠯᠦᠭ ᠤᠶᠠᠩᠭ᠋ᠠᠯᠠᠬᠤ᠂ ᠦᠯᠢᠭᠡᠷ ᠶᠠᠷᠢᠬᠤ᠂ ᠲᠠᠭᠤᠤ ᠲᠠᠭᠤᠯᠠᠬᠤ᠂ ᠪᠦᠵᠢᠭᠯᠡᠬᠦ ᠵᠡᠷᠭᠡ ᠤᠯᠠᠨ ᠬᠡᠯᠪᠡᠷᠢ ᠶᠢᠨ ᠭᠤᠴᠢ ᠭᠠᠷᠤᠢ ᠲᠤᠭᠯᠠᠯᠲᠠ ᠭᠠᠷᠭᠠᠵᠤ᠂ ᠦᠵᠡᠭᠴᠢᠳ ᠤᠨ ᠬᠠᠷᠠᠭ᠎᠎ᠠ ᠰᠤᠨᠤᠷ ᠢ ᠮᠢᠯᠢᠶᠠᠪᠠ᠃ ᠮᠦᠨ ᠤᠷᠠᠨ ᠰᠠᠶᠢᠬᠠᠨ ᠤ ᠠᠵᠢᠯᠯᠠᠭᠠᠨ ᠤ ᠦᠶ᠎ᠠ ᠪᠡᠷ ᠦᠪᠡᠷ ᠤᠨ ᠶᠢᠡᠨ ᠰᠢᠨ᠎ᠡ ᠤᠨ ᠤ ᠬᠦᠰᠡᠯ ᠵᠦᠩᠨᠡᠯ ᠶᠢᠡᠨ ᠪᠢᠴᠢᠵᠦ ᠢᠯᠡᠳᠭᠡᠪᠡ᠃

    ᠬᠡᠦᠬᠡᠳ ᠤᠨ ᠨᠤᠮ ᠤᠩᠰᠢᠬᠤ ᠤᠷᠮ᠎ᠠ ᠶᠢ ᠬᠦᠭ᠍ᠵᠢᠭᠡᠵᠦ᠂ ᠨᠤᠮ ᠤᠩᠰᠢᠬᠤ ᠰᠠᠶᠢᠬᠠᠨ ᠲᠠᠳᠬᠠᠯ ᠢ ᠪᠤᠢ ᠪᠤᠯᠭᠠᠬᠤ ᠪᠡᠷ ᠦᠪᠦᠷ ᠮᠤᠩᠭ᠋ᠤᠯ ᠤᠨ ᠨᠤᠮ ᠤᠨ ᠰᠠᠩ ᠡᠴᠡ 《ᠤᠩᠰᠢᠯᠭ᠎ᠠ ᠶᠢᠨ ᠬᠠᠲᠠᠭᠠᠯᠠᠮᠵᠢ ᠶᠢᠨ ᠲᠡᠪᠲᠡᠷ》ᠲᠠᠷᠬᠠᠭᠠᠨ᠂ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠳ᠋ᠠᠭᠠᠨ ᠤᠩᠰᠢᠭᠰᠠᠨ ᠨᠤᠮ ᠤᠨ ᠲᠦᠷᠦᠭᠲᠡᠯ ᠢ  ᠡᠨᠡᠬᠦ ᠬᠠᠲᠠᠭᠠᠯᠠᠮᠵᠢ ᠶᠢᠨ ᠲᠡᠪᠲᠡᠷ ᠲᠤ ᠲᠡᠮᠲᠡᠭᠯᠡᠬᠦᠯᠵᠦ ᠪᠦᠲᠦᠨ ᠵᠠᠭᠤᠨ ᠬᠤᠨᠤᠭ ᠤᠨ ᠲᠠᠷᠠᠭ᠎ᠠ 《ᠰᠤᠲᠤᠨ ᠤᠩᠰᠢᠭᠴᠢ》 ᠶ᠋ᠢ ᠰᠢᠯᠭᠠᠷᠠᠭᠤᠯᠬᠤ ᠪᠤᠯᠤᠨ᠎ᠠ᠃ (ᠵᠢᠷᠤᠭ ᠢ ᠦᠪᠦᠷ ᠮᠤᠩᠭ᠋ᠤᠯ ᠤᠨ ᠨᠤᠮ ᠤᠨ ᠰᠠᠩ ᠡᠴᠡ ᠬᠠᠩᠭ᠋ᠠᠪᠠ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122203889