蒙古文网站Logo
ᠰᠢᠨᠬᠤᠸᠠ ᠮᠤᠩᠭ᠋ᠤᠯ ᠨᠧᠲ

ᠰᠢᠨ᠎ᠡ ᠤᠨ ᠤ ᠠᠩᠬᠠᠨ ᠤ ᠡᠳᠦᠷ ᠬᠤᠳᠠᠯᠳᠤᠬᠰᠠᠨ ᠺᠢᠨᠤ‍ ᠶᠢᠨ ᠲᠠᠰᠤᠯᠪᠤᠷᠢ ᠶᠢᠨ ᠬᠡᠮᠵᠢᠶ᠎ᠡ ᠲᠡᠦᠬᠡᠨ ᠳᠡᠮᠳᠡᠭᠯᠡᠯ ᠢ ᠰᠢᠨᠡᠳᠬᠡᠯ᠎ᠡ

2018-01-03 17:28

    ᠰᠢᠨ᠎ᠡ ᠤᠨ ᠤ ᠠᠩᠬᠠᠨ ᠤ ᠡᠳᠦᠷ ᠂ ᠮᠠᠨ ᠤ ᠤᠯᠤᠰ ᠤᠨ ᠺᠢᠨᠤ‍ ᠶᠢᠨ ᠲᠠᠰᠤᠯᠪᠤᠷᠢ ᠬᠤᠳᠠᠯᠳᠤᠬᠰᠠᠨ ᠬᠡᠮᠵᠢᠶ᠎ᠡ 12.64 ᠳ᠋ᠦᠩᠰᠢᠭᠤᠷ ᠲᠦᠭᠦᠷᠢᠭ᠌ ᠬᠦᠷᠴᠦ᠂ ᠲᠡᠦᠬᠡᠨ ᠳᠡᠮᠳᠡᠭᠯᠡᠯ ᠢ ᠰᠢᠨᠡᠳᠬᠡᠵᠡᠢ (2017 ᠤᠨ᠂ 2016 ᠤᠨ᠂ 2015 ᠤᠨ ᠤ ᠠᠩᠬᠠᠨ ᠤ ᠡᠳᠦᠷ  ᠤᠨ ᠬᠤᠳᠠᠯᠳᠤᠬᠰᠠᠨ ᠬᠡᠮᠵᠢᠶ᠎ᠡ ᠲᠤᠰᠪᠦᠷᠢ 6.6 ᠳ᠋ᠦᠩᠰᠢᠭᠤᠷ ᠲᠦᠭᠦᠷᠢᠭ᠌᠂ 8.62 ᠳ᠋ᠦᠩᠰᠢᠭᠤᠷ ᠲᠦᠭᠦᠷᠢᠭ᠌᠂ 4.6 ᠳ᠋ᠦᠩᠰᠢᠭᠤᠷ ᠲᠦᠭᠦᠷᠢᠭ᠌ )᠃ ᠡᠨᠡ ᠨᠢ 2017 ᠤᠨ ᠤ ᠰᠡᠭᠦᠯᠴᠢ ᠶᠢᠨ ᠺᠢᠨᠤ‍ ᠦᠵᠡᠬᠦ ᠬᠠᠯᠠᠭᠤᠷᠠᠯ ᠤᠨ ᠦᠷᠭᠦᠯᠵᠢᠯᠡᠯ ᠪᠤᠯᠬᠤ ᠶᠤᠮ᠃ ᠳ᠋ᠠᠶᠢᠲ᠋ᠠ ᠡᠴᠡ ᠲᠤᠳᠤᠷᠠᠭᠤᠯᠪᠠᠯ᠂ 2017 ᠤᠨ ᠤ ᠬᠠᠮᠤᠬ ᠤᠨ ᠰᠡᠭᠦᠯᠴᠢ ᠶᠢᠨ ᠡᠳᠦᠷ ᠤᠯᠤᠰ ᠳᠠᠶᠠᠭᠠᠷ ᠨᠡᠶᠢᠲᠡ 5 ᠳ᠋ᠦᠩᠰᠢᠭᠤᠷ ᠲᠦᠭᠦᠷᠢᠭ ᠤᠨ ᠺᠢᠨᠤ‍ ᠶᠢᠨ ᠲᠠᠰᠤᠯᠪᠤᠷᠢ ᠬᠤᠳᠠᠯᠳᠤᠵᠦ᠂ 2016 ᠤᠨ ᠤ ᠬᠢ ᠡᠴᠡ ᠪᠠᠷᠤᠬ ᠳᠠᠬᠢᠨ ᠢᠶᠡᠷ ᠨᠡᠮᠡᠭᠳᠡᠭᠰᠡᠨ ᠪᠠ 2017 ᠤᠨ ᠤ ᠬᠠᠮᠤᠬ ᠤᠨ ᠰᠡᠭᠦᠯᠴᠢ ᠶᠢᠨ ᠨᠢᠭᠡ ᠭᠠᠷᠠᠬ ᠲᠤ ᠨᠡᠶᠢᠯᠡᠭᠡᠳ 17 ᠳ᠋ᠦᠩᠰᠢᠭᠤᠷ ᠲᠦᠭᠦᠷᠢᠭ ᠤᠨ ᠺᠢᠨᠤ‍ ᠶᠢᠨ ᠲᠠᠰᠤᠯᠪᠤᠷᠢ ᠬᠤᠳᠠᠯᠳᠤᠵᠦ᠂ ᠦᠩᠭᠡᠷᠡᠭᠰᠡᠨ ᠤᠨ ᠡᠴᠡ 7 ᠬᠤᠪᠢ ᠪᠡᠷ ᠨᠡᠮᠡᠭᠳᠡᠵᠡᠢ᠃ 2017 ᠤᠨ ᠤ 12 ᠰᠠᠷ᠎ᠠ ᠳᠤ᠂ ᠤᠯᠤᠰ ᠳᠠᠶᠠᠭᠠᠷ ᠨᠡᠶᠢᠲᠡ 50.6 ᠳ᠋ᠦᠩᠰᠢᠭᠤᠷ ᠲᠦᠭᠦᠷᠢᠭ ᠤᠨ ᠺᠢᠨᠤ‍ ᠶᠢᠨ ᠲᠠᠰᠤᠯᠪᠤᠷᠢ ᠬᠤᠳᠠᠯᠳᠤᠵᠦ᠂ ᠦᠩᠭᠡᠷᠡᠭᠰᠡᠨ ᠤᠨ ᠡᠴᠡ ᠪᠠᠨ 20% ᠪᠡᠷ ᠨᠡᠮᠡᠭᠳᠡᠭᠰᠡᠨ ᠪᠠᠶᠢᠨ᠎ᠠ᠃ 2017 ᠤᠨ ᠤ ᠪᠦᠬᠦ ᠵᠢᠯ ᠳᠤ ᠨᠡᠶᠢᠲᠡ 559 ᠳ᠋ᠦᠩᠰᠢᠭᠤᠷ ᠲᠦᠭᠦᠷᠢᠭ ᠤᠨ ᠺᠢᠨᠤ‍ ᠶᠢᠨ ᠲᠠᠰᠤᠯᠪᠤᠷᠢ ᠬᠤᠳᠠᠯᠳᠤᠵᠦ᠂ ᠦᠩᠭᠡᠷᠡᠭᠰᠡᠨ ᠤᠨ ᠡᠴᠡ ᠪᠠᠨ 13.45% ᠪᠡᠷ ᠨᠡᠮᠡᠭᠳᠡᠵᠡᠢ᠃

    ᠳᠤᠷᠠᠳᠤᠭᠤᠰᠢᠲᠠᠢ ᠨᠢ ᠤᠯᠤᠰ ᠤᠨ ᠲᠤᠳᠤᠭᠠᠲᠤ ᠳᠤ ᠬᠢᠵᠦ ᠪᠦᠲᠦᠭᠡᠭᠰᠡᠨ ᠺᠢᠨᠤ‍ ᠶᠢᠨ ᠲᠤᠭ᠎ᠠ ᠭᠠᠳᠠᠭᠠᠳᠤ ᠤᠯᠤᠰ ᠤᠨ ᠺᠢᠨᠤ‍ ᠶᠢᠨ ᠲᠤᠭ᠎ᠠ ᠵᠢ ᠠᠭᠠᠵᠢᠮ ᠢᠶᠡᠷ ᠳᠠᠪᠠᠬᠤ ᠳᠤ ᠺᠢᠨᠤ‍ ᠶᠢᠨ ᠵᠠᠬ᠎ᠠ ᠶᠢᠨ ᠲᠠᠰᠤᠯᠪᠤᠷᠢ ᠬᠤᠳᠠᠯᠳᠤᠬᠤ ᠪᠠᠶᠢᠳᠠᠯ ᠳᠤᠮᠳᠠ ᠪᠠᠭ᠎ᠠ ᠬᠤᠲᠠ ᠪᠡᠷ ᠢᠯᠡᠭᠦᠦ ᠬᠦᠭᠵᠢᠶᠡᠨ ᠲᠠᠢ ᠪᠤᠯᠵᠦ᠂ ᠭᠤᠷᠪᠠ ᠳᠦᠷᠪᠡᠳᠦᠭᠡᠷ ᠵᠡᠷᠭᠡᠯᠡᠯ ᠤᠨ ᠬᠤᠲᠠ ᠨᠤᠭᠤᠳ ᠤᠨ ᠵᠠᠯᠠᠭᠤᠴᠤᠳ ᠺᠢᠨᠤ‍ ᠦᠵᠡᠬᠦ ᠭᠤᠤᠯ ᠬᠦᠴᠦᠨ ᠪᠤᠯᠤᠬᠰᠠᠨ ᠪᠠᠶᠢᠨ᠎ᠠ᠃

ᠢᠷᠡᠯᠳᠡ᠄ ᠱᠠᠩᠬᠠᠢ ᠶᠢᠨ ᠦᠨᠡᠨᠲᠤ ᠳᠡᠮᠳᠡᠭᠲᠤ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122205047