蒙古文网站Logo
ᠰᠢᠨᠬᠤᠸᠠ ᠮᠤᠩᠭ᠋ᠤᠯ ᠨᠧᠲ

ᠮᠣᠩᠭᠣᠯ ᠤᠯᠤᠰ ᠤᠨ ᠨᠡᠷᠡᠳᠦ ᠵᠢᠷᠤᠭᠠᠴᠢᠳ ᠤᠨ ᠪᠦᠲᠦᠭᠡᠯ ᠤᠨ ᠦᠵᠡᠰᠬᠦᠯᠡᠩ ᠬᠦᠬᠡᠬᠤᠳᠠ ᠳᠤ ᠨᠡᠬᠡᠭᠡᠯᠲᠡ ᠪᠡᠨ ᠬᠢᠯ᠎ᠡ

2018-01-13 14:03

    ᠰᠢᠨᠬᠤᠸᠠ ᠮᠣᠩᠭᠣᠯ ᠨᠧᠲ   1 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ ( ᠪᠣᠯᠣᠷᠴᠡᠴᠡᠭ᠂ ᠣᠶᠠᠬᠠᠨ) 13  ᠤ ᠡᠳᠦᠷ᠂ ᠮᠣᠩᠭᠣᠯ ᠤᠯᠤᠰ ᠤᠨ ᠨᠡᠷᠡᠳᠦ ᠵᠢᠷᠤᠭᠠᠴᠢᠳ ᠤᠨ ᠪᠦᠲᠦᠭᠡᠯ ᠤᠨ ᠦᠵᠡᠰᠬᠦᠯᠡᠩ ᠦᠪᠦᠷ ᠮᠤᠩᠭᠤᠯ ᠤᠨ ᠣᠷᠠᠯᠢᠭ ᠤᠨ ᠣᠷᠳᠤᠨ ᠳ᠋ᠤ ᠨᠡᠬᠡᠭᠡᠯᠲᠡ ᠪᠡᠨ ᠬᠢᠯ᠎ᠡ᠃ ᠦᠵᠡᠰᠬᠦᠯᠡᠩ ᠨᠢ ᠨᠡᠶᠢᠳᠡ 7 ᠡᠳᠦᠷ ᠤᠨ ᠬᠤᠭᠤᠴᠠᠭ᠎ᠠ ᠲᠠᠢ ᠵᠤᠬᠢᠶᠠᠨ ᠪᠠᠶᠢᠭᠤᠯᠤᠭᠳᠠᠨ᠎ᠠ᠃

ᠨᠡᠬᠡᠬᠡᠯᠳᠡ ᠶᠢᠨ ᠶᠤᠰᠤᠯᠠᠯ

    ᠡᠨᠡᠬᠦ ᠦᠵᠡᠰᠬᠦᠯᠡᠩ ᠢ ᠦᠪᠦᠷ ᠮᠣᠩᠭᠣᠯ ᠤᠨ ᠤᠷᠠᠯᠢᠭ ᠤᠨ ᠰᠣᠯᠢᠯᠴᠠᠭᠠᠨ ᠤ ᠨᠡᠶᠢᠭᠡᠮᠯᠢᠭ᠌ ᠡᠴᠡ ᠵᠣᠬᠢᠶᠠᠨ ᠪᠠᠶᠢᠭᠤᠯᠵᠤ᠂ ᠮᠣᠩᠭᠣᠯ ᠤᠯᠤᠰ ᠤᠨ ᠲᠦᠷᠦ ᠶᠢᠨ ᠱᠠᠩᠨᠠᠯᠲᠤ ᠳ᠋᠂ ᠪᠣᠯᠣᠳ᠂ ᠮᠣᠩᠭᠣᠯ ᠤᠯᠤᠰ ᠤᠨ ᠤᠷᠠᠯᠢᠭ ᠤᠨ ᠭᠠᠪᠢᠶᠠᠲᠤ ᠵᠢᠳᠬᠦᠯᠲᠡᠨ ᠨᠠᠷᠠᠨᠭᠡᠷᠡᠯ᠂ ᠪᠠᠲᠤᠮᠦ᠋ᠩᠬᠡ᠂ ᠮᠣᠩᠭᠣᠯ ᠤᠯᠤᠰ ᠤᠨ ᠤᠷᠠᠴᠤᠳ ᠤᠨ ᠡᠪᠯᠡᠯ ᠤᠨ ᠱᠠᠩᠨᠠᠯᠲᠤ ᠵᠢᠷᠤᠭᠠᠴᠢ ᠲᠡᠭᠦᠰᠠᠣᠶᠤᠨ᠂ ᠭᠠᠩᠬᠦᠤ ᠵᠡᠷᠭᠡ ᠠᠷᠪᠠ ᠭᠠᠷᠤᠢ ᠨᠡᠷᠡᠲᠦ ᠵᠢᠷᠤᠭᠠᠴᠢᠳ ᠤᠨ ᠨᠡᠶᠢᠲᠡ ᠵᠠᠭᠤ ᠭᠠᠷᠤᠢ ᠪᠦᠲᠦᠭᠡᠯ ᠢ ᠳᠡᠯᠭᠡᠨ ᠦᠵᠡᠭᠦᠯᠵᠡᠢ᠃

ᠦᠪᠦᠷ ᠮᠣᠩᠭᠣᠯ ᠤᠨ ᠤᠷᠠᠯᠢᠭ ᠤᠨ ᠰᠣᠯᠢᠯᠴᠠᠭᠠᠨ ᠤ ᠨᠡᠶᠢᠭᠡᠮᠯᠢᠭ᠌ ᠤᠨ ᠳᠠᠷᠤᠭ᠎ᠠ ᠳᠡᠭᠰᠢ ᠰᠤᠷᠪᠤᠯᠵᠢᠯᠠᠭ᠎ᠠ ᠬᠦᠯᠢᠶᠡᠵᠤ ᠪᠠᠶᠢᠭ᠎ᠠ ᠨᠢ

    ᠦᠪᠦᠷ ᠮᠣᠩᠭᠣᠯ ᠤᠨ ᠤᠷᠠᠯᠢᠭ ᠤᠨ ᠰᠣᠯᠢᠯᠴᠠᠭᠠᠨ ᠤ ᠨᠡᠶᠢᠭᠡᠮᠯᠢᠭ᠌ ᠤᠨ ᠳᠠᠷᠤᠭ᠎ᠠ ᠳᠡᠭᠰᠢ᠂ ᠦᠵᠡᠰᠬᠦᠯᠡᠩ ᠢ ᠰᠢᠨ᠎ᠡ ᠤᠨ ᠤ ᠭᠠᠷᠤᠭ᠎ᠠ ᠪᠤᠯᠭᠠᠵᠤ ᠳᠤᠮᠳᠠᠳᠤ ᠮᠤᠩᠭᠤᠯ ᠤᠨ ᠮᠣᠩᠭᠣᠯ ᠤᠷᠠᠨ ᠵᠢᠷᠤᠭ ᠤᠨ ᠰᠠᠯᠪᠤᠷᠢ ᠶᠢᠨ ᠬᠢᠨ ᠤ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠶᠢ ᠠᠬᠢᠭᠤᠯᠬᠤ᠂ ᠳᠡᠳᠡᠨᠡᠷ ᠤᠨ ᠤᠷᠠᠨ ᠪᠦᠳᠦᠬᠡᠯ ᠳᠤ ᠵᠠᠬ᠎ᠠ ᠵᠡᠬᠡᠯᠢ ᠨᠡᠬᠡᠬᠡᠵᠤ ᠦᠭᠬᠦ ᠵᠡᠷᠬᠡ ᠵᠤᠷᠢᠯᠭ᠎ᠠ ᠪᠡᠷ ᠵᠤᠬᠢᠶᠠᠨ ᠪᠠᠶᠢᠭᠤᠯᠵᠤ ᠪᠠᠶᠢᠭ᠎ᠠ ᠶᠤᠮ᠃ ᠪᠦᠬᠦᠶᠢᠯᠡ ᠪᠦᠳᠦᠬᠡᠯ ᠤᠳ ᠨᠢ ᠮᠣᠩᠭᠣᠯᠴᠤᠳ ᠤᠨ ᠠᠮᠢᠳᠤᠷᠠᠯ ᠠᠬᠤᠢ᠂ ᠪᠠᠶᠢᠭᠠᠯᠢ ᠤᠷᠴᠢᠨ ᠢᠶᠡᠷ ᠰᠡᠳᠦᠪᠯᠡᠵᠤ ᠳᠤᠰᠤᠨ ᠵᠢᠷᠤᠭ᠂ ᠪᠠᠷ ᠵᠢᠷᠤᠭ᠂ ᠤᠷᠠᠨ ᠪᠢᠴᠢᠯᠬᠡ᠂ ᠪᠠᠷᠢᠮᠠᠯ ᠵᠡᠷᠬᠡ ᠪᠡᠷ ᠪᠦᠷᠢᠯᠳᠦᠭᠰᠡᠨ ᠪᠠᠶᠢᠳᠠᠭ ᠬᠡᠯ᠎ᠡ᠃

    ᠮᠤᠩᠭᠤᠯ ᠤᠯᠤᠰ ᠤᠨ ᠤᠷᠠᠴᠤᠳ ᠤᠨ ᠡᠪᠯᠡᠯ ᠤᠨ ᠬᠣᠷᠢᠶ᠎ᠠ ᠶᠢᠨ ᠬᠡᠰᠢᠬᠦᠨ᠂ ᠮᠤᠩᠭᠤᠯ ᠤᠯᠤᠰ ᠤᠨ ᠪᠤᠯᠪᠠᠰᠤᠷᠠᠯ ᠤᠨ ᠶᠡᠬᠡ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ᠂ ᠳ᠋ᠤᠺᠲ᠋ᠤᠷ ᠫᠷᠤᠹᠧᠰᠰᠤᠷ ᠨᠠᠴᠤᠭᠳᠤᠷᠵᠢ᠂ ᠮᠠᠨ ᠤ ᠤᠷᠠᠴᠤᠳ ᠤᠨ ᠡᠪᠯᠡᠯ ᠤᠨ ᠬᠣᠷᠢᠶ᠎ᠠ ᠮᠡᠷᠭᠡᠵᠢᠯ ᠤᠨ ᠤᠷᠠᠨ ᠪᠦᠲᠦᠬᠡᠯᠴᠢ᠂ ᠵᠢᠷᠤᠭᠠᠴᠢ᠂ ᠪᠠᠷᠢᠮᠠᠯᠴᠢ᠂ ᠰᠡᠶᠢᠯᠪᠦᠷᠢᠴᠢᠳ ᠢ ᠨᠢᠭᠡᠳᠬᠡᠭ᠍ᠰᠡᠨ 500 ᠭᠠᠷᠤᠢ ᠤᠷᠠᠨ ᠪᠦᠲᠦᠭᠡᠯᠴᠢ ᠲᠠᠢ ᠣᠯᠠᠨ ᠨᠡᠶᠢᠲᠡ ᠶᠢᠨ ᠪᠠᠶᠢᠭᠤᠯᠤᠯᠭ᠎ᠠ ᠪᠣᠯᠤᠨ᠎ᠠ᠃ ᠡᠨᠡ ᠪᠠᠶᠢᠭᠤᠯᠤᠯᠭ᠎ᠠ ᠮᠣᠩᠭᠣᠯ ᠳᠤ ᠡᠭᠦᠰᠴᠦ ᠬᠦᠭ᠍ᠵᠢᠭᠡᠳ 76 ᠳᠡᠬᠢ ᠵᠢᠯ ᠢᠶᠡᠨ ᠤᠭᠲᠤᠵᠤ ᠪᠠᠶᠢᠨ᠎ᠠ᠃ ᠮᠣᠩᠭᠣᠯ ᠤᠨ ᠬᠡᠮᠵᠢᠶᠡᠨ ᠳᠦ ᠪᠣᠶᠤ ᠳᠡᠯᠡᠬᠡᠢ ᠶᠢᠨ ᠡᠯ᠎ᠡ ᠤᠯᠤᠰ ᠲᠤ ᠵᠦᠩᠳᠡᠭᠡᠨ ᠣᠯᠠᠨ ᠦᠵᠡᠰᠬᠦᠯᠡᠩ ᠬᠢᠳᠡᠭ ᠪᠠᠶᠢᠯ᠎ᠠ᠂ ᠲᠡᠭᠡᠭᠡᠳ ᠰᠢᠨ᠎ᠡ ᠣᠨ ᠡᠬᠢᠯᠡᠩᠭᠦᠲᠡ ᠰᠢᠨ᠎ᠡ ᠣᠨ ᠤ ᠠᠩᠬᠠᠳᠤᠭᠠᠷ ᠦᠵᠡᠰᠭᠦᠯᠡᠩ ᠢᠶᠡᠨ ᠬᠦᠬᠡᠬᠣᠲᠠ ᠳᠤ ᠬᠢᠵᠦ ᠪᠠᠶᠢᠭ᠎᠎ᠠ ᠬᠡᠯ᠎ᠡ᠃

ᠮᠤᠩᠭ᠋ᠤᠯ ᠤᠯᠤᠰ ᠤᠨ ᠤᠷᠠᠴᠤᠳ ᠤᠨ ᠡᠪᠯᠡᠯ ᠤᠨ ᠬᠣᠷᠢᠶ᠎ᠠ ᠶᠢᠨ ᠬᠡᠰᠢᠬᠦᠨ᠂ ᠵᠢᠷᠤᠭᠠᠴᠢ ᠪᠠᠳᠤᠳᠤᠷᠵᠢ ᠰᠤᠷᠪᠤᠯᠵᠢᠯᠠᠭ᠎ᠠ ᠬᠦᠯᠢᠶᠡᠵᠤ ᠪᠠᠶᠢᠭ᠎ᠠ ᠨᠢ

    ᠦᠪᠦᠷ ᠮᠣᠩᠭᠣᠯ ᠤᠨ ᠤᠷᠠᠯᠢᠭ ᠤᠨ ᠰᠣᠯᠢᠯᠴᠠᠭᠠᠨ ᠤ ᠨᠡᠶᠢᠭᠡᠮᠯᠢᠭ᠌ ᠨᠢ 2015 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠭᠡᠦᠭᠡᠳ ᠤᠳ ᠤᠨ ᠤᠷᠠᠯᠢᠭ᠂ ᠭᠠᠷ ᠤᠷᠠᠯᠠᠯ᠂ ᠮᠣᠩᠭᠣᠯ ᠤᠷᠠᠨ ᠪᠢᠴᠢᠯᠭᠡ ᠶᠢᠨ ᠤᠷᠤᠯᠳᠤᠭᠠᠨ ᠪᠣᠶᠣ ᠦᠵᠡᠰᠬᠦᠯᠡᠩ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠨᠠᠰᠤᠲᠠᠶᠢᠴᠤᠳ ᠤᠨ ᠤᠷᠠᠯᠢᠭ ᠤᠨ ᠤᠷᠤᠯᠳᠤᠭᠠᠨ ᠢ ᠬᠦᠯᠦᠨ ᠪᠣᠶᠢᠷ᠂ ᠠᠯᠠᠱᠠ ᠵᠡᠷᠭᠡ ᠭᠠᠵᠠᠷ ᠲᠤ ᠵᠣᠬᠢᠶᠠᠨ ᠪᠠᠶᠢᠭᠤᠯᠵᠤ ᠪᠠᠶᠢᠪᠠ᠃ ᠮᠦᠨ ᠮᠣᠩᠭᠣᠯ ᠤᠯᠤᠰ ᠤᠨ ᠬᠡᠦᠬᠡᠳ ᠤᠨ ᠤᠷᠠᠯᠠᠨ ᠪᠦᠲᠦᠬᠡᠬᠦ ᠲᠦᠪ ᠲᠠᠢ ᠬᠠᠮᠲᠤᠷᠠᠨ ᠮᠣᠩᠭᠣᠯ ᠤᠷᠠᠨ ᠪᠢᠴᠢᠯᠭᠡ ᠶᠢᠨ ᠤᠷᠤᠯᠳᠤᠭᠠᠨ ᠵᠣᠬᠢᠶᠠᠨ ᠪᠠᠶᠢᠭᠤᠯᠵᠤ ᠦᠩᠬᠡᠷᠡᠵᠡᠢ᠃ ᠨᠡᠶᠢᠬᠡᠮᠯᠢᠭ᠌ ᠨᠢ ᠤᠳᠤᠬᠠᠨ ᠳᠤ ᠠᠶᠢᠮᠠᠭ ᠬᠣᠲᠠ ᠶᠢᠨ ᠤᠷᠠᠯᠢᠭ ᠤᠨ ᠪᠠᠭᠰᠢ᠂ ᠤᠷᠠᠯᠢᠭ ᠤᠨ ᠲᠤᠰᠬᠠᠢ ᠮᠡᠷᠭᠡᠵᠢᠯ ᠤᠨ ᠬᠦᠮᠦᠰ᠂ ᠵᠢᠷᠤᠭᠠᠴᠢ᠂ ᠤᠷᠠᠨ ᠪᠢᠴᠢᠯᠭᠡᠲᠡᠨ ᠢᠶᠡᠷ ᠪᠦᠷᠢᠯᠳᠦᠭᠰᠡᠨ ᠨᠡᠶᠢᠲᠡ 300 ᠭᠠᠷᠤᠢ ᠬᠡᠰᠢᠭᠦᠨ ᠲᠠᠢ ᠠᠵᠢ᠃

ᠦᠵᠡᠰᠬᠦᠯᠡᠩ ᠳᠤ ᠳᠡᠯᠬᠡᠭ᠍ᠳᠡᠵᠤ ᠪᠠᠶᠢᠭ᠎ᠠ ᠪᠦᠳᠦᠬᠡᠯ ᠤᠳ

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122254277