蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠣᠯᠲᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭ᠍ᠰᠢᠯᠡᠭᠦᠯᠦᠶ᠎ᠡ

2016-03-26 12:24

                  ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠣᠷ                                   

                      (2016 ᠣᠨ ᠤ 3 ᠰᠠᠷ᠎ᠠ ᠶᠢᠨ 24᠎ ᠤ ᠡᠳᠦᠷ)

    ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠪᠣᠯ ᠮᠠᠨ ᠤ ᠣᠯᠣᠰ ᠤᠨ ᠦᠨᠳᠦᠰᠦᠲᠡᠨ ᠤ ᠠᠵᠢᠯ ᠪᠣᠯᠣᠨ ᠮᠤᠩᠭ᠋ᠤᠯ ᠬᠡᠯᠡ ᠪᠢᠴᠢᠭ᠌ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠦ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠣᠨ᠎ᠠ᠃ ᠰᠢᠨ᠎ᠡ ᠪᠠᠶᠢᠳᠠᠯ ᠳᠣᠣᠷᠠᠬᠢ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠬᠦ ᠨᠢ ᠦᠨᠳᠦᠰᠦᠲᠡᠨ ᠤ ᠲᠤᠬᠠᠢ ᠨᠠᠮ ᠤᠨ ᠲᠥᠷᠦ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ᠂ ᠦᠨᠳᠦᠰᠦᠲᠡᠨ ᠤ ᠪᠥᠯᠬᠦᠮᠳᠡᠯ ᠢ ᠴᠢᠩᠭ᠋ᠠᠳᠬᠠᠬᠤ᠂ ᠦᠨᠳᠦᠰᠦᠲᠡᠨ ᠤ ᠰᠣᠶᠣᠯ ᠢ ᠪᠠᠳᠠᠷᠠᠭᠤᠯᠬᠤ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠣᠯᠣᠨ ᠨᠥᠯᠦᠭᠡ ᠶᠢ ᠴᠢᠩᠭ᠋ᠠᠳᠬᠠᠬᠤ ᠳᠤ ᠴᠦᠮ ᠴᠢᠬᠤᠯᠠ ᠦᠢᠯᠡᠳᠦᠯ ᠲᠠᠢ ᠶᠤᠮ᠃

    ᠥᠪᠥᠷ ᠮᠤᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠠᠴᠠ ᠮᠣᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠰᠠᠨᠠᠯ ᠪᠣᠯᠣᠨ ᠲᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ (20142020) ᠶᠢ ᠲᠣᠭᠲᠠᠭᠠᠨ ᠨᠡᠶᠢᠲᠡᠯᠡᠵᠦ᠂ ᠲᠥᠷᠦ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠬᠦ ᠵᠡᠷᠭᠡ ᠲᠠᠯ᠎ᠠ ᠪᠠᠷ ᠮᠣᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃ ᠣᠶᠢᠷ᠎ᠠ ᠶᠢᠨ ᠬᠤᠶᠠᠷ ᠵᠢᠯ ᠳᠤ᠂ ᠦᠪᠦᠷ ᠮᠤᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 3.6 ᠳ᠋ᠥᠡᠭᠰᠢᠭᠤᠷ ᠲᠥᠭᠦᠷᠢᠭ᠌ ᠤᠨ ᠪᠡᠯᠡ ᠮᠥᠩᠭᠦ ᠣᠷᠣᠭᠤᠯᠵᠤ᠂ ᠮᠤᠩᠭ᠋ᠤᠯ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠲᠤᠰᠬᠠᠢ ᠵᠦᠢᠯ ᠤᠨ ᠳᠡᠳᠬᠦᠬᠦ ᠲᠥᠷᠥᠯ ᠵᠦᠢᠯ ᠳᠤ ᠬᠡᠷᠡᠭᠯᠡᠨ᠂ ᠲᠥᠯᠥᠪᠵᠢᠭᠦᠯᠭᠡ ᠪᠠᠷ ᠬᠥᠲᠥᠯᠥᠨ ᠵᠢᠯᠤᠭᠤᠳᠤᠭᠰᠠᠨ᠂ ᠲᠥᠷᠥᠯ ᠵᠦᠢᠯ ᠢᠶᠠᠷ ᠳᠠᠶᠢᠴᠢᠯᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠣᠷᠣᠯᠴᠠᠭᠰᠠᠨ᠂ ᠰᠡᠳᠬᠢᠯ ᠨᠢᠭᠡᠳᠦᠨ ᠬᠦᠴᠦ ᠬᠠᠮᠲᠤᠳᠬᠠᠨ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠰᠠᠶᠢᠨ ᠪᠠᠶᠢᠳᠠᠯ ᠢ ᠪᠣᠢ ᠪᠣᠯᠭᠠᠵᠤ᠂ ᠰᠠᠶᠢᠨ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃

    ᠨᠢᠭᠡ ᠳᠤ ᠰᠠᠭᠤᠷᠢ ᠰᠤᠳᠤᠯᠭᠠᠨ ᠤ ᠲᠠᠯ᠎ᠠ ᠪᠠᠷ᠂ ᠲᠤᠰᠬᠠᠢ ᠵᠦᠢᠯ ᠢᠶᠠᠷ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠰᠠᠭᠤᠷᠢ ᠴᠢᠨᠠᠷᠲᠠᠢ᠂ ᠣᠷᠢᠳᠠᠴᠢ ᠴᠢᠨᠠᠷᠲᠠᠢ ᠰᠤᠳᠤᠯᠭ᠎ᠠ ᠥᠷᠨᠢᠭᠦᠯᠵᠦ᠂ ᠡᠷᠳᠡᠮ ᠰᠢᠨᠵᠢᠯᠡᠭᠡᠨ ᠤ ᠰᠣᠳᠣᠯᠭ᠎ᠠ ᠪᠣᠯᠣᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ᠣᠨᠣᠯ ᠤᠨ ᠰᠠᠭᠤᠷᠢ ᠰᠣᠳᠣᠯᠭᠠᠨ ᠤ ᠲᠦᠪᠰᠢᠨ ᠢ ᠳᠡᠭᠡᠭ᠍ᠰᠢᠯᠡᠭᠦᠯᠵᠦ᠂ ᠴᠢᠳᠠᠪᠤᠷᠢᠳᠠᠨ ᠢ ᠬᠥᠮᠦᠵᠢᠭᠦᠯᠦᠨ᠂ ᠬᠡᠷᠡᠭᠯᠡᠭᠡᠨ ᠤ ᠮᠡᠷᠭᠡᠵᠢᠯ ᠢ ᠨᠡᠬᠡᠬᠡᠨ ᠠᠰᠢᠬᠯᠠᠬᠤ ᠳᠤ ᠴᠢᠳᠠᠪᠤᠷᠢᠲᠠᠨ ᠪᠣᠯᠣᠨ ᠤᠶᠤᠨ ᠤ ᠳᠡᠮᠵᠢᠯᠭᠡ ᠬᠠᠨᠭ᠍ᠭᠠᠪᠠ᠃

    ᠬᠤᠶᠠᠷ ᠲᠤ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠵᠤ ᠠᠬᠤᠶᠢᠯᠠᠯ ᠤᠳ ᠢ ᠲᠡᠮᠵᠢᠵᠦ ᠪᠠᠶᠢᠭᠠᠳ ᠮᠤᠩᠭ᠋ᠤᠯ ᠦᠰᠣᠭ᠌ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠳᠠᠯ᠎ᠠ ᠳᠠᠬᠢ ᠤᠯᠤᠰ ᠤᠨ ᠪᠠᠷᠢᠮᠵᠢᠶ᠎ᠠ ᠶᠢᠨ ᠰᠢᠰᠲ᠋ᠧᠮ ᠢ ᠳᠡᠯᠭᠡᠷᠡᠭᠦᠯᠬᠦ ᠪᠠᠷ ᠦᠨᠳᠦᠰᠦᠨ ᠱᠠᠭᠠᠷᠳᠠᠯᠭ᠎ᠠ ᠪᠣᠯᠭᠠᠭᠰᠠᠨ᠂ ᠵᠠᠩᠭᠢᠯᠠᠭ᠎ᠠ ᠶᠢᠨ ᠨᠡᠶᠢᠲᠡᠯᠢᠭ ᠴᠢᠨᠠᠷ ᠲᠠᠢ ᠮᠡᠷᠭᠡᠵᠢᠯ ᠢ ᠰᠣᠳᠣᠯᠣᠨ ᠨᠡᠬᠡᠬᠡᠬᠦ ᠬᠢᠭᠡᠳ ᠠᠵᠤ ᠦᠢᠯᠡᠰᠵᠢᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠪᠠᠷ ᠭᠤᠣᠯᠳᠠᠯᠭ᠎ᠠ ᠪᠣᠯᠭᠠᠭᠰᠠᠨ ᠰᠣᠳᠣᠯᠣᠨ ᠨᠡᠬᠡᠬᠡᠬᠦ ᠲᠥᠷᠥᠯ ᠵᠦᠢᠯ ᠢ ᠶᠠᠪᠤᠭᠳᠠᠭᠤᠯᠵᠤ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠨᠢᠭᠡ ᠪᠥᠯᠥᠭ ᠮᠡᠳᠡᠭᠡ ᠵᠠᠩᠭᠢ ᠰᠢᠢᠳᠪᠦᠷᠢᠯᠡᠬᠦ ᠭᠤᠣᠯᠯᠠᠬᠤ ᠮᠡᠷᠭᠡᠵᠢᠯ ᠳᠤ ᠰᠢᠪᠳᠣᠯᠣᠯᠳᠠ ᠭᠠᠷᠭᠠᠵᠣ᠂ 157 ᠵᠦᠢᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠥᠲᠦᠭᠡᠭ᠍ᠳᠡᠭᠦᠨ ᠤ ᠦᠮᠴᠢᠯᠡᠭᠦ ᠡᠷᠬᠡ ᠶᠢ ᠣᠯᠵᠣ᠂ ᠮᠡᠷᠭᠡᠵᠢᠯ ᠪᠣᠯᠣᠨ ᠦᠢᠯᠡᠳᠬᠦᠨ ᠤ ᠬᠡᠷᠡᠭᠯᠡᠭᠴᠢᠳ ᠨᠢ 40 ᠭᠠᠷᠤᠢ ᠣᠯᠣᠰ ᠪᠣᠯᠣᠨ ᠭᠠᠵᠠᠷ ᠣᠷᠣᠨ ᠳᠤ ᠲᠠᠷᠬᠠᠵᠤ᠂ ᠮᠡᠷᠭᠡᠵᠢᠯ ᠤᠨ ᠠᠵᠤ ᠦᠢᠯᠡᠰᠵᠢᠬᠦ᠂ ᠵᠠᠬ᠎ᠠ ᠳᠡᠯᠭᠡᠭᠦᠷᠴᠢᠯᠡᠬᠦ ᠠᠯᠬᠤᠴᠠ ᠶᠢ ᠲᠦᠯᠬᠢᠨ ᠠᠬᠢᠭᠤᠯᠵᠤ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠣᠨᠴᠠᠯᠢᠭ ᠪᠥᠬᠦᠢ ᠰᠢᠨ᠎ᠡ ᠬᠡᠯᠪᠡᠷᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭ᠍ᠵᠢᠯᠲᠡ ᠶᠢ ᠪᠣᠢ ᠪᠣᠯᠭᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃

    ᠭᠤᠷᠪᠠ ᠳᠤ ᠡᠬᠢ ᠪᠠᠶᠠᠯᠢᠭ ᠢ ᠨᠡᠬᠡᠬᠡᠨ ᠠᠰᠢᠬᠯᠠᠬᠤ ᠲᠠᠯ᠎ᠠ ᠪᠠᠷ᠂ ᠮᠡᠳᠡᠭᠡ ᠵᠠᠩᠭᠢᠴᠢᠯᠠᠬᠰᠠᠨ᠂ ᠲᠣᠭᠠᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠬᠯᠠᠵᠤ᠂ ᠮᠤᠩᠭ᠋ᠤᠯ ᠦᠭᠡ ᠬᠡᠯᠡ ᠦᠰᠦᠭ ᠪᠢᠴᠢᠭ᠌ ᠢᠶᠠᠷ ᠠᠴᠢᠶᠠᠯᠠᠪᠤᠷᠢ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠲᠸᠭ᠍ᠨᠤᠯᠤᠬᠢ ᠵᠡᠷᠭᠡ ᠡᠬᠢ ᠪᠠᠶᠠᠯᠢᠭ ᠤᠨ ᠬᠥᠮᠥᠷᠭᠡ ᠶᠢᠨ ᠲᠥᠷᠥᠯ ᠵᠦᠢᠯ ᠢ ᠨᠡᠬᠡᠬᠡᠵᠤ ᠪᠥᠲᠦᠭᠡᠨ ᠪᠠᠶᠢᠭᠤᠯᠪᠠ᠃ 《ᠶᠤᠸᠠᠨ ᠤ ᠲᠡᠦᠬᠡ》᠎ ᠶᠢᠨ ᠮᠤᠩᠭ᠋ᠤᠯ ᠣᠷᠴᠢᠭᠤᠯᠭ᠎ᠠ ᠶᠢᠨ ᠬᠡᠪᠯᠡᠬᠦ ᠠᠵᠢᠯ ᠢ ᠡᠬᠢᠯᠡᠭᠦᠯᠵᠦ᠂ 《ᠬᠢᠲᠠᠳ ᠮᠤᠩᠭ᠋ᠤᠯ ᠠᠩᠭ᠍ᠯᠢ ᠶᠠᠫᠦᠨ ᠬᠡᠯᠡᠨ ᠤ ᠦᠭᠡᠰ ᠤᠨ ᠲᠣᠮᠣ ᠲᠣᠯᠢ》᠎ ᠶᠢᠨ 33.8 ᠲᠥᠮᠡᠨ ᠦᠭᠡᠰ ᠤᠨ ᠨᠠᠶᠢᠷᠠᠭᠤᠯᠬᠤ ᠠᠵᠢᠯ ᠢ ᠨᠢᠭᠡᠨᠲᠡ ᠪᠡᠶᠡᠯᠡᠭᠦᠯᠵᠦ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠲᠤᠭᠠᠴᠢᠯᠠᠬᠰᠠᠨ ᠡᠬᠢ ᠪᠠᠶᠠᠯᠢᠭ ᠤᠨ ᠪᠥᠲᠥᠬᠡᠨ ᠪᠠᠶᠢᠭᠤᠯᠤᠯᠲᠠ ᠬᠢᠭᠡᠳ ᠬᠠᠮᠲᠤᠪᠡᠷ ᠡᠳ᠋ᠯᠡᠬᠦ ᠢᠨᠵᠧᠨᠧᠷᠢᠩ ᠢ ᠦᠪᠦᠷ ᠮᠤᠩᠭ᠋ᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠭᠤᠣᠯᠳᠠᠯᠭ᠎ᠠ ᠲᠠᠢ ᠲᠥᠷᠥᠯ ᠵᠦᠢᠯ ᠳᠤ ᠣᠷᠤᠭᠤᠯᠪᠠ᠃

    ᠳᠥᠷᠪᠡ ᠳᠤ ᠳᠡᠯᠭᠡᠷᠡᠭᠦᠯᠦᠨ ᠬᠡᠷᠡᠭᠯᠡᠬᠦ ᠲᠠᠯ᠎ᠠ ᠪᠠᠷ᠂ ᠮᠤᠩᠭ᠋ᠤᠯ ᠬᠡᠯᠡᠨ ᠤ ᠰᠢᠨ᠎ᠡ ᠪᠠᠷ ᠬᠥᠭ᠍ᠵᠢᠭᠰᠡᠨ ᠵᠠᠭᠤᠴᠢᠯᠠᠭᠤᠷ ᠤᠨ ᠪᠥᠲᠦᠭᠡᠨ ᠪᠠᠶᠢᠭᠤᠯᠤᠯᠲᠠ ᠵᠢᠴᠢ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠰᠢᠨ᠎ᠡ ᠵᠠᠭᠤᠴᠢᠯᠠᠭᠤᠷ ᠤᠨ ᠬᠥᠭ᠍ᠵᠢᠯᠲᠡ ᠶᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠤᠩᠭ᠋ᠤᠯ ᠰᠦᠯᠵᠢᠶ᠎ᠡ ᠨᠢ ᠨᠢᠳᠤᠨᠤᠨ ᠤ 7 ᠰᠠᠷ᠎ᠠ ᠳᠤ ᠵᠢᠩᠬᠢᠨᠢ ᠪᠠᠷ ᠬᠡᠷᠡᠭᠯᠡᠭᠡᠨ ᠳᠤ ᠣᠷᠤᠭᠰᠠᠨ ᠪᠥᠭᠡᠳ ᠳ᠋ᠠᠶᠢᠲ᠋ᠠ ᠬᠥᠮᠦᠷᠭᠡ ᠶᠢ ᠤᠯᠠᠮ ᠨᠢᠭᠡ ᠠᠯᠬᠤᠮ ᠪᠤᠳᠠᠲᠠᠶᠢᠵᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠨᠸᠲ ᠤᠨ ᠪᠦᠯᠦᠭᠵᠢᠯ ᠢ ᠪᠠᠶᠢᠭᠤᠯᠬᠤ ᠪᠣᠯᠣᠨ᠎ᠠ᠃ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠬᠠᠮ ᠮᠡᠳᠡᠭᠡ ᠵᠠᠩᠭᠢ ᠶᠢᠨ ᠡᠭᠦᠯᠡᠨ ᠦᠢᠯᠡᠴᠢᠯᠡᠭᠡᠨ ᠤ ᠲᠠᠪᠴᠠᠩ ᠢ ᠣᠳᠣ ᠶᠠᠭ ᠱᠠᠯᠠᠪᠳᠠᠨ ᠪᠠᠶᠢᠭᠤᠯᠵᠤ᠂ ᠰᠢᠨ᠎ᠡ ᠦᠶ᠎ᠡ ᠶᠢᠨ ᠮᠤᠩᠭ᠋ᠤᠯ ᠭᠠᠷ ᠤᠲᠠᠰᠤᠨ ᠤ ᠠᠵᠢᠯᠯᠠᠬᠤ ᠰᠢᠰᠲ᠋ᠧᠮ ᠢ ᠰᠤᠳᠤᠯᠤᠨ ᠨᠡᠭᠡᠭᠡᠬᠦ ᠠᠵᠢᠯ ᠠᠮᠵᠢᠯᠲᠠ ᠣᠯᠣᠭᠰᠠᠨ ᠪᠥᠭᠡᠳ ᠳᠡᠯᠭᠡᠷᠡᠭᠦᠯᠦᠨ ᠬᠡᠷᠡᠭᠯᠡᠭᠦᠯᠵᠦ᠂ ᠨᠢᠭᠡᠨᠲᠡ 6 ᠲᠥᠮᠡ ᠭᠠᠷᠤᠢ ᠬᠡᠷᠡᠭᠯᠡᠭᠴᠢ ᠮᠤᠩᠭ᠋ᠤᠯ ᠬᠡᠷᠡᠭᠯᠡᠭᠡᠨ ᠤ ᠣᠶᠤᠨᠴᠢ ᠭᠠᠷ ᠤᠲᠠᠰᠤ ᠶᠢ ᠬᠡᠷᠡᠭᠯᠡᠭᠡᠳ ᠥᠷᠭᠡᠨ ᠣᠯᠠᠨ ᠲᠥᠮᠡᠨ ᠰᠠᠨᠠᠯ ᠨᠢᠭᠡᠲᠡᠢ ᠪᠠᠷ ᠰᠠᠶᠢᠰᠢᠶᠠᠨ ᠮᠠᠭᠲᠠᠵᠤ ᠪᠠᠶᠢᠨ᠎ᠠ᠃

    ᠶᠡᠷᠦᠩᠬᠡᠢ ᠳᠤᠨᠢ ᠠᠪᠴᠣ ᠦᠵᠡᠪᠡᠯ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠨᠢ ᠦᠨᠳᠦᠰᠦᠲᠡᠨ ᠤ ᠲᠡᠦᠭᠡ ᠰᠣᠶᠣᠯ ᠤᠨ ᠤᠯᠠᠮᠵᠢᠯᠠᠯ ᠬᠢᠭᠡᠳ ᠬᠥᠭ᠍ᠵᠢᠯᠲᠡ ᠶᠢ ᠬᠦᠴᠦᠲᠡᠢ ᠠᠬᠢᠭᠤᠯᠤᠭᠰᠠᠨ ᠮᠥᠷᠲᠡᠭᠡᠨ ᠮᠡᠷᠭᠡᠵᠢᠯ ᠤᠨ ᠲᠠᠯ᠎ᠠ ᠪᠠᠷ ᠤᠯᠤᠰ ᠤᠨ ᠲᠣᠳᠣᠭᠠᠲᠤ ᠭᠠᠳᠠᠭᠠᠳᠤ ᠳᠠᠬᠢ ᠣᠯᠠᠨ ᠵᠦᠢᠯ ᠤᠨ ᠬᠤᠭᠤᠰᠣᠨ ᠪᠠᠶᠢᠭᠰᠠᠨ ᠵᠦᠢᠯ ᠢ ᠨᠥᠬᠦᠪᠦᠷᠢᠯᠡᠵᠦ᠂ ᠴᠥᠬᠡᠨ ᠲᠣᠭᠠᠳᠤ ᠦᠨᠳᠦᠰᠦᠲᠡᠨ ᠤ ᠣᠯᠠᠨ ᠲᠥᠮᠡᠨ ᠣᠳᠣ ᠦᠶ᠎ᠡ ᠶᠢᠨ ᠮᠡᠷᠭᠡᠵᠢᠯ ᠤᠨ ᠪᠣᠯᠪᠠᠰᠤᠨ ᠢ ᠬᠠᠮᠲᠤᠪᠡᠷ ᠡᠳ᠋ᠯᠡᠬᠦ᠂ ᠰᠢᠨᠵᠢᠯᠡᠬᠦ ᠣᠬᠠᠭᠠᠨ ᠰᠣᠶᠣᠯ ᠤᠨ ᠬᠡᠪ ᠪᠣᠯᠪᠠᠰᠤᠷᠠᠯ ᠪᠣᠯᠣᠨ ᠠᠮᠢᠳᠤᠷᠠᠯ ᠤᠨ ᠴᠢᠨᠠᠷ ᠴᠢᠨᠰᠠᠭ᠎ᠠ ᠪᠠᠨ ᠳᠡᠭᠡᠭ᠍ᠰᠢᠯᠡᠭᠦᠯᠬᠦ᠂ ᠠᠵᠤ ᠠᠬᠤᠢ ᠨᠡᠶᠢᠭᠡᠮ ᠤᠨ ᠥᠷᠭᠦᠯᠵᠢᠯᠡᠨ ᠡᠷᠡᠭᠦᠯ ᠢᠶᠠᠷ ᠬᠥᠭ᠍ᠵᠢᠬᠦ ᠶᠢᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃

    ᠳᠠᠷᠠᠭᠠᠴᠢ ᠶᠢᠨ ᠠᠯᠬᠤᠮ ᠳᠤ᠂ ᠪᠢᠲᠡ ᠣᠳᠣᠬᠠᠨ ᠤ ᠰᠠᠶᠢᠨ ᠰᠠᠶᠢᠬᠠᠨ ᠬᠥᠭ᠍ᠵᠢᠯᠲᠡ ᠶᠢᠨ ᠪᠠᠶᠢᠳᠠᠯ ᠤᠨ ᠰᠠᠭᠤᠷᠢᠨ ᠳᠡᠭᠡᠷ᠎ᠡ᠂ ᠰᠢᠨᠵᠢᠶᠠᠩ᠂ ᠲᠥᠪᠡᠳ ᠵᠡᠷᠭᠡ ᠦᠨᠳᠦᠰᠦᠲᠡᠨ ᠤ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠭᠦᠢᠴᠡᠳ ᠲᠣᠯᠢᠳᠠᠨ᠂ ᠤᠯᠤᠰ ᠤᠨ ᠲᠥᠷᠦ ᠶᠢᠨ ᠪᠣᠳᠣᠯᠭ᠎ᠠ᠂ ᠲᠥᠷᠥᠯ ᠵᠦᠢᠯ ᠪᠣᠯᠣᠨ ᠪᠡᠯᠡ ᠮᠦᠩᠭᠦᠨ ᠤ ᠳᠡᠮᠵᠢᠯᠭᠡ ᠶᠢ ᠢᠳᠡᠪᠬᠢᠯᠡᠨ ᠣᠯᠵᠣ᠂ ᠤᠯᠠᠮ ᠨᠢᠭᠡ ᠠᠯᠬᠤᠮ ᠨᠢᠬᠡᠲᠦᠯᠲᠡᠢ ᠲᠥᠯᠥᠪᠯᠡᠵᠦ ᠵᠣᠬᠢᠴᠠᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠳᠭᠡᠵᠦ᠂ ᠨᠡᠶᠢᠯᠡᠮᠡᠯ ᠬᠦᠴᠦᠨ ᠢ ᠪᠣᠢ ᠪᠣᠯᠭᠠᠵᠤ᠂ ᠦᠨᠳᠦᠰᠦᠲᠡᠨ ᠤ ᠰᠣᠶᠣᠯ᠂ ᠲᠡᠦᠬᠡᠨ ᠮᠠᠲ᠋ᠧᠷᠢᠶᠠᠯ ᠢ ᠡᠮᠬᠢᠯᠡᠨ ᠳᠢᠭᠯᠡᠬᠦ ᠪᠠ ᠮᠤᠩᠭ᠋ᠤᠯ ᠦᠭᠡ ᠬᠡᠯᠡ ᠦᠰᠣᠭ᠌ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠬᠡᠲᠦᠯᠲᠡᠢ ᠤᠬᠠᠭᠠᠯᠠᠨ ᠲᠥᠯᠥᠪᠯᠡᠵᠦ᠂ ᠲᠥᠷᠥᠯ ᠵᠦᠢᠯ ᠤᠨ ᠳᠡᠰ ᠳᠠᠪᠬᠤᠷᠭ᠎ᠠ ᠶᠢ ᠡᠮᠬᠢᠯᠡᠨ ᠨᠡᠶᠢᠯᠡᠭᠦᠯᠵᠦ ᠳᠡᠭᠡᠭ᠍ᠰᠢᠯᠡᠭᠦᠯᠦᠨ᠂ ᠪᠡᠯᠡ ᠮᠦᠩᠬᠦ ᠶᠢ ᠨᠢᠬᠡᠲᠦᠯᠲᠡᠢ ᠬᠤᠷᠠᠮᠳᠤᠭᠤᠯᠤᠨ ᠴᠤᠭᠯᠠᠭᠤᠯᠵᠤ᠂ ᠲᠤᠰ ᠲᠤᠰ ᠲᠠᠭᠠᠨ ᠡᠵᠡᠨ ᠮᠡᠳᠡᠵᠦ ᠠᠵᠢᠯᠯᠠᠬᠤ ᠪᠠ ᠳᠠᠬᠢᠨ ᠳᠠᠪᠲᠠᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠨ᠎ᠡ᠃ ᠵᠠᠰᠠᠭ ᠤᠨ ᠣᠷᠳᠣᠨ ᠤ ᠮᠤᠩᠭ᠋ᠤᠯ ᠨᠸᠲ ᠤᠨ ᠪᠦᠲᠦᠭᠡᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ ᠤᠨ ᠰᠦᠯᠵᠢᠶᠡᠨ ᠤ ᠮᠡᠷᠭᠡᠵᠢᠯ ᠤᠨ ᠬᠡᠷᠡᠭᠯᠡᠭᠡᠨ᠂ ᠮᠤᠩᠭ᠋ᠤᠯ ᠣᠶᠣᠨᠴᠢ ᠭᠠᠷ ᠤᠲᠠᠰᠤ ᠶᠢ ᠳᠡᠯᠭᠡᠷᠡᠭᠦᠯᠦᠨ ᠲᠥᠭᠡᠮᠡᠯᠵᠢᠭᠦᠯᠬᠦ ᠶᠢ ᠬᠦᠴᠦᠯᠡᠨ ᠠᠬᠢᠭᠤᠯᠵᠤ᠂ ᠮᠤᠩᠭ᠋ᠤᠯ ᠲᠤᠭᠠᠴᠢᠯᠠᠬᠰᠠᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠲᠤᠪᠡᠷ ᠡᠳ᠋ᠯᠡᠬᠦ ᠢᠨᠵᠧᠨᠧᠷᠢᠩ ᠪᠣᠯᠣᠨ ᠡᠯ᠎ᠡ ᠲᠥᠷᠥᠯ ᠤᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠲᠥᠷᠭᠡᠳᠬᠡᠨ ᠶᠠᠪᠤᠭᠳᠠᠭᠤᠯᠵᠤ ᠪᠠᠶᠢᠭᠠᠳ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠬᠥᠭ᠍ᠵᠢᠯᠲᠡ᠂ ᠰᠢᠨ᠎ᠡ ᠰᠢᠪᠲᠦᠯᠦᠯᠲᠡ ᠲᠠᠢ ᠪᠣᠯᠬᠤ ᠶᠢ ᠴᠢᠷᠮᠠᠶᠢᠨ ᠠᠬᠢᠭᠤᠯᠤᠨ᠎ᠠ᠃ 2017 ᠣᠨ ᠪᠣᠯᠬᠤ ᠳᠤ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ᠂ ᠮᠡᠷᠭᠡᠵᠢᠯ ᠤᠨ ᠪᠠᠷᠢᠮᠵᠢᠶ᠎ᠡ᠂ ᠰᠣᠳᠣᠯᠭ᠎ᠠ ᠨᠡᠬᠡᠬᠡᠯᠲᠡ᠂ ᠪᠥᠲᠦᠭᠡᠨ ᠪᠠᠶᠢᠭᠤᠯᠬᠤ ᠲᠥᠷᠥᠯ ᠵᠦᠢᠯ᠂ ᠬᠢᠨᠠᠨ ᠬᠠᠮᠢᠶᠠᠷᠴᠤ ᠦᠨᠡᠯᠡᠯᠲᠡ ᠬᠢᠬᠦ ᠪᠠ ᠯᠠᠪᠯᠠᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠨᠡᠯᠢᠶᠡᠳ ᠪᠦᠷᠢᠨ ᠭᠦᠢᠴᠡᠳ ᠪᠦᠬᠦᠢ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠰᠣᠳᠣᠯᠭ᠎ᠠ ᠨᠡᠬᠡᠬᠡᠯᠲᠡ ᠬᠢᠬᠦ᠂ ᠳᠡᠯᠭᠡᠷᠡᠭᠦᠯᠦᠨ ᠬᠡᠷᠡᠭᠯᠡᠬᠦ ᠪᠠ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠂ ᠮᠤᠩᠭ᠋ᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠲᠥᠷᠭᠡᠨ ᠬᠥᠭ᠍ᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ 2020 ᠣᠨ ᠪᠣᠯᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ᠌ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠪᠣᠯᠣᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭ᠍ᠰᠢᠯᠡᠭᠦᠯᠵᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠥᠷᠭᠡᠨ ᠳᠡᠯᠭᠡᠷᠡᠩᠭᠦᠢ ᠪᠠᠷ ᠨᠡᠬᠡᠬᠡᠨ ᠠᠰᠢᠬᠯᠠᠭᠤᠯᠵᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠥᠲᠦᠭᠡᠯ ᠢᠶᠠᠷ ᠦᠨᠳᠦᠰᠦᠲᠡᠨ ᠨᠦᠭᠦᠳ ᠤᠨ ᠠᠷᠠᠳ ᠲᠥᠮᠡᠨ ᠳᠤ ᠠᠰᠢᠭ ᠬᠥᠷᠲᠡᠭᠡᠬᠦ ᠪᠠᠷ ᠴᠢᠷᠮᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118450749