蒙古文网站Logo
ᠰᠢᠨᠬᠤᠸᠠ ᠮᠤᠩᠭ᠋ᠤᠯ ᠨᠧᠲ

《2016 ᠣᠨ ᠠᠴᠠ 2020 ᠣᠨ ᠪᠣᠯᠲᠠᠯᠠᠬᠢ ᠠᠵᠤ ᠦᠢᠯᠡᠳᠪᠦᠷᠢ ᠶᠢ ᠪᠣᠬᠢᠷᠲᠤᠯ ᠦᠭᠡᠢ ᠬᠥᠭᠵᠢᠭᠦᠯᠬᠦ ᠲᠥᠯᠥᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠪᠠ

2016-07-20 10:57

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠶᠠᠮᠤᠨ 7 ᠰᠠᠷ᠎ᠠ ᠶᠢᠨ 18 ᠤ᠋ ᠡᠳᠦᠷ《2016 ᠣᠨ ᠠᠴᠠ 2020 ᠣᠨ ᠪᠣᠯᠲᠡᠯᠠᠬᠢ ᠠᠵᠤ ᠦᠢᠯᠡᠳᠪᠦᠷᠢ ᠶᠢ ᠪᠣᠬᠢᠷᠲᠤᠯ ᠦᠭᠡᠢ ᠬᠥᠭᠵᠢᠭᠦᠯᠬᠦ ᠲᠥᠯᠥᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠵᠤ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠲᠦᠷᠭᠡᠨ ᠠᠬᠢᠭᠤᠯᠬᠤ ᠪᠠᠷ ᠪᠣᠯᠤᠭᠰᠠᠨ ᠪᠠᠶᠢᠨ᠎ᠠ᠃

    ᠡᠭᠦᠨ ᠳᠦ᠂ ᠪᠣᠬᠢᠷᠲᠤᠭᠤᠯᠬᠤ ᠦᠭᠡᠢ ᠪᠡᠷ ᠦᠢᠯᠡᠳᠦᠨ ᠪᠦᠲᠦᠭᠡᠬᠦ ᠰᠢᠰᠲ᠋ᠧᠮ ᠢ 2020 ᠣᠨ ᠪᠣᠯᠬᠤ ᠳᠤ ᠠᠩᠬ᠎ᠠ ᠠᠯᠬᠤᠮ ᠪᠠᠶᠢᠭᠤᠯᠵᠤ᠂ ᠪᠣᠬᠢᠷᠲᠤᠭᠤᠯᠬᠤ ᠦᠭᠡᠢ ᠪᠡᠷ ᠦᠢᠯᠡᠳᠦᠨ ᠪᠦᠲᠦᠭᠡᠬᠦ ᠦᠢᠯᠡᠰ ᠢ ᠡᠳ᠋ ᠤᠨ ᠵᠠᠰᠠᠭ ᠤᠨ ᠨᠡᠮᠡᠭᠳᠡᠯ ᠦᠨ ᠰᠢᠨ᠎ᠡ ᠬᠥᠳᠡᠯᠭᠡᠭᠴᠢ ᠬᠦᠴᠦᠨ ᠪᠣᠯᠤᠨ ᠣᠯᠠᠨ ᠤᠯᠤᠰ ᠲᠠᠢ ᠥᠷᠢᠰᠦᠯᠳᠤᠬᠦ ᠰᠢᠨ᠎ᠡ ᠳᠠᠪᠠᠭᠤᠯᠢᠭ ᠪᠣᠯᠭᠠᠨ᠎ᠠ ᠭᠡᠵᠡᠢ᠃

    ᠪᠠᠰᠠ᠂ ᠣᠳᠣᠬᠠᠨ ᠳᠤ ᠮᠠᠨ ᠤ ᠤᠯᠤᠰ ᠤᠨ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠡᠬᠡ᠂ ᠡᠷᠴᠢᠮ ᠬᠦᠴᠦᠨ ᠤ ᠬᠣᠷᠣᠭᠳᠠᠯ ᠶᠡᠬᠡ᠂ ᠪᠣᠬᠢᠷᠲᠤᠯ ᠡᠳ᠋ ᠭᠠᠳᠠᠭᠰᠢᠯᠠᠭᠤᠯᠬᠤ ᠬᠡᠮᠵᠢᠶ᠎ᠡ ᠨᠢ ᠶᠡᠬᠡ ᠵᠡᠷᠭᠡ ᠬᠥᠭᠵᠢᠯᠲᠡ ᠶᠢᠨ ᠠᠷᠭ᠎ᠠ ᠬᠡᠯᠪᠡᠷᠢ ᠡᠴᠡ ᠪᠡᠨ ᠬᠠᠷᠠᠬᠠᠨ ᠮᠤᠯᠲᠤᠷᠠᠵᠤ ᠳᠡᠶᠢᠯᠦᠭᠡ ᠦᠭᠡᠢ᠂ ᠡᠬᠢ ᠪᠠᠶᠠᠯᠢᠭ ᠪᠣᠯᠤᠨ ᠡᠨᠧᠷᠭᠢ ᠶᠢᠨ ᠬᠣᠷᠣᠭᠳᠠᠯ ᠶᠡᠬᠡ ᠪᠥᠭᠡᠳ ᠠᠮᠢ ᠠᠬᠤᠢ ᠣᠷᠴᠢᠨ ᠲᠣᠭᠣᠷᠢᠨ ᠤ ᠠᠰᠠᠭᠤᠳᠠᠯ ᠨᠡᠯᠢᠶᠡᠳ ᠳᠣᠪᠣᠶᠢᠮ᠎ᠠ ᠪᠠᠶᠢᠬᠤ ᠪᠣᠯᠬᠣᠷ ᠨᠠᠷᠢᠯᠢᠭ ᠰᠢᠨ᠎ᠡ ᠰᠢᠨᠵᠢᠯᠡᠬᠦ ᠤᠬᠠᠭᠠᠨ ᠲᠧᠭᠨᠤᠯᠤᠬᠢ ᠶᠢ ᠠᠰᠢᠭᠯᠠᠬᠤ᠂ ᠡᠬᠢ ᠪᠠᠶᠠᠯᠢᠭ ᠤᠨ ᠬᠣᠷᠣᠭᠳᠠᠯ ᠪᠠᠭ᠎ᠠ᠂ ᠪᠠᠶᠢᠭᠠᠯᠢ ᠣᠷᠴᠢᠨ ᠢ ᠪᠣᠬᠢᠷᠲᠤᠭᠤᠯᠬᠤ ᠦᠭᠡᠢ ᠦᠢᠯᠡᠳᠦᠨ ᠪᠦᠲᠦᠭᠡᠬᠦ ᠰᠢᠰᠲ᠋ᠧᠮ ᠢ ᠪᠠᠶᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠪᠣᠬᠢᠷᠲᠤᠭᠤᠯᠬᠤ ᠦᠭᠡᠢ ᠪᠡᠷ ᠦᠢᠯᠡᠳᠦᠨ ᠪᠦᠲᠦᠭᠡᠬᠦ ᠠᠵᠤ ᠦᠢᠯᠡᠰ ᠦᠨ ᠲᠠᠯ᠎ᠠ ᠪᠠᠷ ᠪᠣᠬᠢᠷᠲᠤᠯ ᠦᠭᠡᠢ ᠦᠢᠯᠡᠳᠬᠦᠨ ᠢ ᠶᠡᠬᠡ ᠪᠡᠷ ᠨᠡᠭᠡᠭᠡᠵᠦ ᠬᠥᠭᠵᠢᠭᠦᠯᠦᠨ᠎ᠠ᠃ ᠴᠠᠬᠢᠯᠭᠠᠨ ᠭᠦᠳᠡᠯᠭᠡᠭᠦᠷᠢᠲᠦ ᠮᠠᠰᠢᠨ ᠲᠡᠷᠭᠡ᠂ ᠨᠠᠷᠠᠨ ᠤ ᠡᠷᠴᠢᠮ ᠬᠦᠴᠦ ᠪᠣᠯᠤᠨ ᠰᠠᠯᠬᠢᠨ ᠤ ᠡᠷᠴᠢᠮ ᠬᠦᠴᠦ ᠵᠡᠷᠭᠡ ᠰᠢᠨ᠎ᠡ ᠡᠨᠧᠷᠭᠢ ᠶᠢᠨ ᠲᠧᠭᠨᠤᠯᠤᠬᠢ ᠶᠢᠨ ᠪᠡᠯᠡᠳᠬᠡᠯ ᠲᠥᠬᠥᠭᠡᠷᠦᠮᠵᠢ ᠶᠢ ᠦᠢᠯᠡᠳᠦᠨ ᠪᠦᠲᠦᠭᠡᠬᠦ ᠲᠥᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠡᠷᠴᠢᠮ ᠬᠦᠴᠦᠨ ᠳᠤ ᠬᠡᠮᠨᠡᠯ ᠲᠠᠢ᠂ ᠪᠠᠶᠢᠭᠠᠯᠢ ᠣᠷᠴᠢᠨ ᠢ ᠪᠣᠬᠢᠷᠲᠤᠭᠤᠯᠬᠤ ᠦᠭᠡᠢ ᠪᠡᠯᠡᠳᠬᠡᠯ ᠲᠥᠬᠥᠭᠡᠷᠦᠮᠵᠢ᠂ ᠦᠢᠯᠡᠳᠬᠦᠨ ᠪᠣᠯᠤᠨ ᠦᠢᠯᠡᠴᠢᠯᠡᠭᠡ ᠵᠡᠷᠭᠡ ᠪᠣᠬᠢᠷᠲᠤᠭᠤᠯᠬᠤ ᠦᠭᠡᠢ ᠠᠵᠤ ᠦᠢᠯᠡᠰ ᠢ ᠡᠳ᠋ ᠤᠨ ᠵᠠᠰᠠᠭ ᠤᠨ ᠰᠢᠨ᠎ᠡ ᠨᠡᠮᠡᠭᠳᠡᠯ ᠦᠨ ᠬᠦᠴᠦᠨ ᠵᠦᠢᠯ ᠪᠣᠯᠭᠠᠬᠤ ᠪᠣᠯᠤᠨ᠎ᠠ᠃ ᠪᠣᠬᠢᠷᠲᠤᠭᠤᠯᠬᠤ ᠦᠭᠡᠢ ᠪᠡᠷ ᠦᠢᠯᠡᠳᠦᠨ ᠪᠦᠲᠦᠭᠡᠬᠦ ᠰᠢᠰᠲ᠋ᠧᠮ ᠦᠨ ᠪᠠᠶᠢᠭᠤᠯᠤᠯᠲᠠ ᠶᠢᠨ ᠲᠠᠯ᠎ᠠ ᠪᠠᠷ᠂ ᠪᠠᠶᠢᠭᠠᠯᠢ ᠣᠷᠴᠢᠨ ᠢ ᠪᠣᠬᠢᠷᠲᠤᠭᠤᠯᠬᠤ ᠦᠭᠡᠢ ᠵᠢᠱᠢᠶ᠎ᠡ ᠦᠵᠡᠭᠦᠯᠬᠦ 100 ᠳᠤᠭᠤᠷᠢᠭ ᠪᠣᠯᠤᠨ ᠪᠣᠬᠢᠷᠲᠤᠭᠤᠯᠬᠤ ᠦᠭᠡᠢ 1000 ᠵᠢᠱᠢᠶ᠎ᠡ ᠦᠵᠡᠭᠦᠯᠬᠦ ᠠᠵᠤ ᠦᠢᠯᠡᠳᠪᠦᠷᠢ ᠶᠢ ᠪᠠᠶᠢᠭᠤᠯᠵᠤ᠂ ᠭᠣᠣᠯ ᠭᠣᠣᠯ ᠠᠵᠤ ᠦᠢᠯᠡᠰ ᠦᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠬᠦ ᠪᠣᠯᠤᠨ᠎ᠠ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ ᠮᠡᠳᠡᠭᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119248677