蒙古文网站Logo
ᠰᠢᠨᠬᠤᠸᠠ ᠮᠤᠩᠭ᠋ᠤᠯ ᠨᠧᠲ

ᠭᠤᠷᠪᠠᠨ ᠶᠠᠮᠤᠨ ᠺᠣᠮᠢᠰ ᠤᠨ ᠬᠢᠨ ᠤᠯᠤᠰ ᠲᠠᠶᠠᠭᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠦ ᠬᠦᠮᠦᠵᠢᠯ ᠦᠨ ᠠᠵᠢᠯᠯᠠᠭ᠎ᠠ ᠠᠴᠠ ᠭᠠᠷᠬᠤ ᠪᠠᠨ ᠨᠡᠶᠢᠲᠡᠯᠡᠵᠡᠢ

2016-08-01 16:50

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 7 ᠰᠠᠷ᠎ᠠ ᠶᠢᠨ 31 ᠍ ᠦ ᠡᠳᠦᠷ ᠦᠨ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ ᠰᠤᠷᠭᠠᠨ ᠬᠦᠮᠦᠵᠢᠯ ᠦᠨ ᠶᠠᠮᠤᠨ᠂ ᠤᠯᠤᠰ ᠤᠨ ᠦᠢᠯᠡᠳᠬᠦᠨ ᠦ ᠶᠠᠰᠤ ᠴᠢᠨᠠᠷ ᠢ ᠰᠢᠯᠭᠠᠨ ᠪᠠᠶᠢᠴᠠᠭᠠᠬᠤ ᠶᠡᠷᠦᠩᠬᠡᠢ ᠲᠣᠪᠴᠢᠶ᠎ᠠ᠂ ᠤᠯᠤᠰ ᠤᠨ ᠠᠶᠤᠯ ᠦᠭᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠣᠪᠴᠢᠶᠠᠨ ᠤ ᠬᠢᠨ ᠳᠤᠮᠳᠠᠳᠤ ᠤᠯᠤᠰ ᠤᠨ ᠬᠣᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠺᠣᠮᠢᠰ ᠤᠨ ᠡᠷᠭᠢᠯᠡᠭᠰᠡᠨ ᠤᠯᠤᠰ ᠲᠠᠶᠠᠭᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠦ ᠲᠤᠬᠠᠢ ᠬᠦᠮᠦᠵᠢᠯ ᠦᠨ ᠠᠵᠢᠯᠯᠠᠭ᠎ᠠ ᠠᠴᠠ ᠭᠠᠷᠬᠤ ᠪᠠᠨ ᠨᠡᠶᠢᠲᠡᠯᠡᠭᠰᠡᠨ ᠦ ᠬᠠᠮᠲᠤ ᠲᠣᠰ ᠠᠵᠢᠯᠯᠠᠭ᠎ᠠ ᠶᠢ ᠣᠯᠠᠨ ᠨᠡᠶᠢᠲᠡ ᠶᠢᠨ ᠠᠰᠠᠷᠠᠮᠵᠢ ᠶᠢᠨ ᠦᠢᠯᠡᠰ ᠦᠨ ᠵᠠᠷᠴᠢᠮ ᠠᠴᠠ ᠲᠡᠷᠰᠯᠡᠯ᠎ᠡ ᠭᠡᠰᠡᠨ ᠪᠠᠶᠢᠨ᠎ᠠ᠃

    ᠲᠣᠰ ᠭᠤᠷᠪᠠᠨ ᠶᠠᠮᠤᠨ ᠺᠣᠮᠢᠰ ᠤᠨ ᠢᠯᠡᠷᠬᠡᠶᠢᠯᠡᠯᠲᠡ ᠶᠢ ᠦᠨᠳᠦᠰᠦᠯᠡᠪᠡᠯ ᠂ ᠣᠶᠢᠷ᠎ᠠ ᠶᠢᠨ ᠵᠢᠯ ᠳᠦ ᠵᠠᠷᠢᠮ ᠬᠦᠮᠦᠰ ᠤᠯᠤᠰ ᠲᠠᠶᠠᠭᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠦ ᠲᠤᠬᠠᠢ ᠬᠦᠮᠦᠵᠢᠯ ᠦᠨ ᠠᠵᠢᠯᠯᠠᠭᠠᠨ ᠤ ᠠᠯᠪᠠᠨ ᠭᠡᠷ ᠦᠨ ᠨᠡᠷ᠎ᠡ ᠪᠡᠷ᠂ ᠨᠡᠶᠢᠭᠡᠮ ᠤᠨ ᠺᠣᠮᠫᠠᠨᠢ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠬᠠᠮᠢᠶᠠᠲᠠᠢ ᠰᠦᠢᠳᠬᠡᠯ ᠬᠤᠷᠢᠶᠠᠵᠤ ᠠᠰᠢᠭ ᠣᠯᠬᠤ ᠶᠢᠨ ᠬᠠᠮᠲᠤ ᠢᠷᠭᠡᠨ ᠦ ᠭᠡᠷᠡᠭ ᠦᠨ ᠵᠢᠭᠤᠷᠠᠭᠠᠨ ᠳᠤ ᠬᠣᠯᠪᠣᠭᠳᠠᠭᠰᠠᠨ ᠪᠠᠶᠢᠨ᠎ᠠ᠃

    ᠣᠶᠢᠯᠠᠭᠠᠭᠰᠠᠨ ᠢᠶᠠᠷ᠂ ᠤᠯᠤᠰ ᠲᠠᠶᠠᠭᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠥᠪᠰᠢᠨ ᠦ ᠲᠤᠬᠠᠢ ᠬᠦᠮᠦᠵᠢᠯ ᠦᠨ ᠠᠵᠢᠯᠯᠠᠭᠠᠨ ᠤ ᠠᠯᠪᠠᠨ ᠭᠡᠷ ᠢ 2011 ᠣᠨ ᠳᠤ ᠳᠤᠮᠳᠠᠳᠤ ᠤᠯᠤᠰ ᠤᠨ ᠬᠣᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠺᠣᠮᠢᠰ ᠠᠴᠠ ᠪᠤᠰᠤᠳ ᠬᠡᠳᠦᠨ ᠶᠠᠮᠤᠨ ᠺᠣᠮᠢᠰ ᠲᠠᠢ ᠬᠠᠮᠲᠤᠷᠠᠨ ᠬᠠᠮᠢᠶᠠᠲᠠᠢ ᠮᠡᠳᠡᠭᠳᠡᠯ ᠢ ᠳᠠᠷᠤᠮᠠᠯᠠᠨ ᠲᠠᠷᠬᠠᠭᠠᠭᠰᠠᠨ ᠤ ᠳᠠᠷᠠᠭ᠎ᠠ ᠪᠠᠶᠢᠭᠤᠯᠵᠠᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ  ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119317199