蒙古文网站Logo
ᠰᠢᠨᠬᠤᠸᠠ ᠮᠤᠩᠭ᠋ᠤᠯ ᠨᠧᠲ

ᠤᠯᠤᠰ ᠲᠠᠶᠠᠭᠠᠷ ᠤᠨ ᠠᠩᠬᠠᠳᠠᠭᠴᠢ ᠬᠢᠳᠠᠳ ᠮᠤᠩᠭᠤᠯ ᠬᠠᠤᠯᠢᠴᠢ ᠶᠢᠨ ᠬᠠᠤᠯᠢ ᠳᠦᠷᠢᠮ ᠤᠨ ᠨᠡᠶᠢᠳᠡ ᠶᠢᠨ ᠦᠢᠯᠡᠴᠢᠯᠡᠬᠡᠨ ᠤ ᠳᠦᠪ ᠪᠠᠶᠢᠭᠤᠯᠤᠭᠳᠠᠯ᠎ᠠ

2016-08-03 09:23

    ᠰᠢᠨᠬᠤᠧᠠ ᠨᠧᠲ   ᠬᠦᠬᠡᠬᠤᠳᠠ ᠶᠢᠨ 8 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠬᠡ (ᠶᠠᠩ·ᠳᠡᠭᠷᠢ) ᠳᠤᠰ ᠡᠳᠦᠷ᠂ ᠤᠯᠤᠰ ᠲᠠᠶᠠᠭᠠᠷ ᠤᠨ ᠠᠩᠬᠠᠳᠠᠭᠴᠢ ᠬᠢᠳᠠᠳ ᠮᠤᠩᠭᠤᠯ ᠬᠠᠤᠯᠢᠴᠢ ᠶᠢᠨ ᠬᠠᠤᠯᠢ ᠳᠦᠷᠢᠮ ᠤᠨ ᠨᠡᠶᠢᠳᠡ ᠶᠢᠨ ᠦᠢᠯᠡᠴᠢᠯᠡᠬᠡᠨ ᠤ ᠳᠦᠪ ᠬᠦᠬᠡᠬᠤᠳᠠ ᠳᠤ ᠪᠠᠶᠢᠭᠤᠯᠤᠭᠳᠠᠵᠤ᠂ ᠬᠢᠳᠠᠳ ᠮᠤᠩᠭᠤᠯ ᠬᠠᠤᠯᠢᠴᠢ ᠶᠢᠨ ᠬᠠᠤᠯᠢ ᠳᠦᠷᠢᠮ ᠤᠨ ᠨᠡᠶᠢᠳᠡ ᠶᠢᠨ ᠦᠢᠯᠡᠴᠢᠯᠡᠬᠡᠨ ᠤ ᠳᠤᠰᠬᠠᠢ ᠰᠡᠳᠦᠪᠳᠦ ᠰᠤᠳᠤᠯᠭᠠᠨ ᠤ ᠬᠤᠷᠠᠯ ᠬᠤᠷᠠᠯᠳᠤᠯ᠎ᠠ᠃

    ᠤᠶᠢᠯᠠᠭᠠᠭᠰᠠᠨ ᠢᠶᠡᠷ᠂ ᠰᠡᠬᠦᠯ ᠤᠨ ᠵᠢᠯ ᠤᠳ ᠲᠤ ᠤᠷᠤᠨ ᠲᠠᠶᠠᠭᠠᠷ ᠤᠨ ᠪᠦᠬᠦ ᠱᠠᠳᠤᠨ ᠤ ᠬᠠᠤᠯᠢ ᠬᠡᠷᠡᠭᠵᠢᠬᠦᠯᠬᠦ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠬᠡᠮᠯᠢᠭ ᠬᠢᠬᠡᠳ ᠦᠷᠬᠡᠨ ᠤᠯᠠᠨ ᠬᠠᠤᠯᠢᠴᠢᠳ ᠡᠬᠦᠷᠬᠡ ᠬᠠᠷᠢᠭᠤᠴᠠᠯᠭ᠎ᠠ ᠪᠡᠨ ᠢᠳᠡᠪᠬᠢᠳᠡᠢ ᠬᠦᠢᠴᠡᠳᠬᠡᠵᠤ᠂ 2015 ᠤᠨ ᠳᠤ 7.4 ᠳᠦᠮᠡᠨ ᠬᠡᠷᠡᠭ ᠢ ᠰᠢᠶ᠋ᠳᠪᠦᠷᠢᠯᠡᠨ᠂ 6 ᠳᠦᠮᠡᠨ ᠬᠡᠷᠡᠭ ᠲᠤ ᠳᠦᠯᠦᠪᠦᠷᠢ ᠦᠬᠡᠢ ᠬᠠᠤᠯᠢ ᠶᠢᠨ ᠦᠢᠯᠡᠴᠢᠯᠡᠬᠡ ᠬᠠᠩᠭᠠᠵᠠᠢ᠃ ᠤᠳᠤᠬᠠᠨ ᠳᠤ᠂ ᠦᠪᠦᠷ ᠮᠤᠩᠭᠤᠯ 458 ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ᠂ ᠨᠡᠶᠢᠳᠡ 5374 ᠬᠠᠤᠯᠢᠴᠢ ᠲᠠᠢ᠃ ᠡᠬᠦᠨ ᠳᠤ ᠬᠢᠳᠠᠳ ᠮᠤᠩᠭᠤᠯ ᠬᠤᠶᠠᠷ ᠬᠡᠯᠡ ᠪᠡᠷ ᠬᠠᠤᠯᠢ ᠶᠢᠨ ᠦᠢᠯᠡᠴᠢᠯᠡᠬᠡ ᠬᠠᠩᠭᠠᠵᠤ ᠴᠢᠳᠠᠳᠠᠭ ᠨᠢ 300 ᠬᠦᠮᠦᠨ ᠪᠠᠶᠢᠵᠤ᠂ ᠮᠤᠩᠭᠤᠯ ᠦᠨᠳᠦᠰᠦᠳᠡᠨ ᠤ 2 ᠳᠦᠮᠡᠨ ᠢᠷᠬᠡᠨ ᠳᠤ 1 ᠬᠠᠤᠯᠢᠴᠢ ᠨᠤᠭᠳᠠᠵᠤ ᠪᠤᠢ᠃ ᠡᠨᠡ ᠨᠢ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠬᠢᠬᠡᠳ ᠮᠤᠩᠭᠤᠯ ᠦᠨᠳᠦᠰᠦᠳᠡᠨ ᠤ ᠢᠷᠬᠡᠳ ᠤᠨ ᠬᠠᠤᠯᠢ ᠶᠢᠨ ᠦᠢᠯᠡᠴᠢᠯᠡᠬᠡᠨ ᠤ ᠱᠠᠭᠠᠷᠳᠠᠯᠭ᠎ᠠ ᠶᠢ ᠬᠠᠩᠭᠠᠬᠤ ᠳᠤ ᠮᠠᠰᠢ ᠬᠦᠴᠢᠷ ᠶᠤᠮ᠃

    ᠡᠶᠢᠮᠦᠷᠬᠦ ᠪᠠᠶᠢᠳᠠᠯ ᠳᠤ ᠬᠠᠨᠳᠤᠭᠤᠯᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠳᠢᠩᠬᠢᠮ ᠨᠢ ᠬᠢᠳᠠᠳ ᠮᠤᠩᠭᠤᠯ ᠬᠤᠶᠠᠷ ᠬᠡᠯᠡᠨ ᠤ ᠬᠠᠤᠯᠢᠴᠢ ᠬᠦᠮᠦᠵᠢᠬᠦᠯᠬᠦ ᠪᠠ ᠬᠠᠤᠯᠢ ᠳᠦᠷᠢᠮ ᠤᠨ ᠨᠡᠶᠢᠳᠡ ᠶᠢᠨ ᠦᠢᠯᠡᠴᠢᠯᠡᠬᠡᠨ ᠤ ᠠᠵᠢᠯ ᠢ ᠮᠠᠰᠢ ᠴᠢᠬᠤᠯᠠᠴᠢᠯᠠᠭᠰᠠᠭᠠᠷ ᠢᠷᠡᠵᠡᠢ᠃ ᠤᠳᠤᠬᠠᠨ ᠳᠤ᠂ ᠤᠷᠤᠨ ᠲᠠᠶᠠᠭᠠᠷ ᠨᠡᠶᠢᠳᠡ 34 ᠬᠠᠤᠯᠢ ᠳᠦᠷᠢᠮ ᠤᠨ ᠨᠡᠶᠢᠳᠡ ᠶᠢᠨ ᠦᠢᠯᠡᠴᠢᠯᠡᠬᠡᠨ ᠤ ᠳᠦᠪ ᠪᠠᠶᠢᠭᠤᠯᠵᠤ᠂ 19 ᠮᠤᠩᠭᠤᠯ ᠬᠢᠳᠠᠳ ᠬᠤᠶᠠᠷ ᠬᠡᠯᠡ ᠲᠠᠢ ᠵᠠᠯᠠᠭᠤ ᠬᠠᠤᠯᠢᠴᠢ ᠶᠢᠨ ᠪᠤᠯᠪᠠᠰᠤᠷᠠᠯ ᠤᠨ ᠰᠠᠭᠤᠷᠢᠨ ᠪᠠᠶᠢᠭᠤᠯᠤᠭᠰᠠᠨ ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119327357