蒙古文网站Logo
ᠰᠢᠨᠬᠤᠸᠠ ᠮᠤᠩᠭ᠋ᠤᠯ ᠨᠧᠲ

ᠯᠢ ᠵᠢᠢ ᠾᠧᠩ ᠭᠡᠰᠡᠭ ᠮᠤᠵᠢ ᠶᠢᠨ ᠲᠡᠰ ᠤᠨ ᠠᠬᠠᠮᠠᠳ ᠨᠦᠬᠦᠳ ᠢ ᠳᠤᠳᠤᠨᠤ ᠪᠠᠷ ᠪᠤᠯᠭᠤᠭᠠᠨ ᠲᠤᠬᠤᠨᠢᠭᠤᠯᠪᠠ

2016-08-31 17:32

    8 ᠰᠠᠷ᠎ᠠ ᠶᠢᠨ 30 ᠤ᠋ ᠡᠳᠦᠷ ᠤᠨ ᠦᠳᠡ ᠶᠢᠨ ᠡᠮᠦᠨ᠎᠎ᠡ᠂ ᠰᠠᠶ‍ᠢᠬᠠᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠳᠡᠪᠰᠢᠭ᠍ᠰᠡᠨ ᠯᠢ ᠵᠢᠢ ᠾᠧᠩ ᠬᠦᠬᠡᠬᠤᠲᠠ ᠳᠤ ᠬᠤᠤ ᠰᠢᠦ ᠱᠠᠨ᠂ ᠾᠧ ᠶᠤᠤ᠂ ᠶᠦ᠋ᠨ ᠵᠤᠤ ᠭᠤᠸᠠᠩ᠂ ᠶᠦ᠋ᠨ ᠱᠦ ᠪᠢ᠂ ᠸᠠᠩ ᠵᠠᠨ ᠵᠡᠷᠭᠡ ᠮᠤᠵᠢ ᠶᠢᠨ ᠱᠠᠲᠤᠨ ᠤ ᠠᠬᠠᠮᠠᠳ ᠨᠦᠬᠦᠳ ᠢ ᠪᠤᠯᠭᠤᠭᠠᠨ ᠲᠤᠬᠤᠨᠢᠭᠤᠯᠪᠠ᠃

    ᠯᠢ ᠵᠢᠢ ᠾᠧᠩ ᠠᠬᠠᠮᠠᠳ ᠨᠦᠬᠦᠳ ᠤᠨ ᠭᠠᠷ ᠢ ᠠᠳᠬᠤᠨ᠂ ᠳᠡᠳᠡᠨᠡᠷ ᠤᠨ ᠪᠡᠶ᠎ᠠ ᠶᠢᠨ ᠪᠠᠶᠢᠳᠠᠯ᠂ ᠠᠳᠠᠯ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠦ᠂ ᠠᠬᠠᠮᠠᠳ ᠨᠦᠬᠦᠳ ᠪᠡᠶ᠎ᠠ ᠪᠠᠨ ᠰᠠᠶᠢᠨ ᠪᠤᠯᠭᠤᠮᠵᠢᠯᠠᠵᠦ᠂ ᠥᠪᠦᠷ ᠮᠤᠩᠭ᠋ᠤᠯ ᠤᠨ ᠡᠳ᠋ ᠤᠨ ᠵᠠᠰᠠᠬ ᠨᠡᠶᠢᠭᠡᠮ ᠤᠨ ᠡᠯ᠎ᠠ ᠲᠦᠷᠦᠯ ᠤᠨ ᠠᠵᠢᠯ ᠦᠢᠯᠡᠰ ᠤᠨ ᠬᠦᠭ᠍ᠵᠢᠯᠳᠠ ᠶᠢ ᠤᠤᠯ ᠤᠨ ᠬᠢ ᠰᠢᠬ ᠢᠶᠠᠷ ᠬᠠᠯᠠᠮᠵᠢᠯᠠᠨ ᠳᠡᠮᠵᠢᠬᠦ ᠶᠢ ᠬᠦᠰᠡᠵᠠᠢ᠃ ᠠᠬᠠᠮᠠᠳ ᠨᠦᠬᠦᠳ ᠨᠠᠷ ᠯᠢ ᠵᠢᠢ ᠾᠧᠩ ᠥᠪᠦᠷ ᠮᠤᠩ᠋ᠭᠤᠯ ᠳᠤ ᠡᠬᠢᠯᠡᠨ ᠠᠵᠢᠯᠯᠠᠮᠠᠭᠴᠠ ᠪᠠᠨ ᠲᠡᠳᠡᠨᠡᠷ ᠢ ᠪᠤᠯᠭᠤᠭᠠᠬᠤ ᠪᠠᠷ ᠢᠷᠡᠭᠰᠡᠨ ᠳᠤ ᠲᠠᠯᠠᠷᠬᠠᠵᠦ ᠪᠠᠶᠢᠬᠤ ᠪᠠᠨ ᠢᠯᠡᠳᠭᠡᠵᠦ᠂ ᠲᠦᠪ ᠤᠨ ᠲᠤᠭᠳᠠᠭᠠᠯ ᠢ ᠡᠷᠡᠰ ᠬᠦᠷᠢᠶᠡᠯᠡᠵᠦ᠂ ᠯᠢ ᠵᠢᠢ ᠾᠧᠩ ᠨᠦᠬᠦᠷ ᠤᠨ ᠠᠵᠢᠯ ᠢ ᠪᠦᠬᠦ ᠬᠦᠴᠦᠨ ᠢᠶᠠᠷ ᠳᠡᠮᠵᠢᠨ᠎ᠠ ᠬᠡᠮᠡᠨ ᠰᠠᠨᠠᠯ ᠨᠢᠬᠡᠳᠠᠢ ᠢᠯᠡᠳᠬᠡᠵᠤ᠂ ᠯᠢ ᠵᠢᠢ ᠾᠧᠩ ᠨᠦᠬᠦᠷ ᠢᠶᠠᠷ ᠪᠠᠭ ᠤᠨ ᠳᠠᠷᠤᠭ᠎ᠠ ᠪᠤᠯᠭᠠᠭᠰᠠᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ ᠥᠪᠦᠷ ᠮᠤᠩᠭ᠋ᠤᠯ ᠤᠨ ᠡᠯ᠎ᠠ ᠲᠦᠷᠦᠯ ᠤᠨ ᠠᠵᠢᠯ ᠦᠢᠯᠡᠰ ᠲᠠᠰᠤᠷᠠᠯᠲᠠ ᠦᠭᠡᠢ ᠰᠢᠨ᠎ᠠ ᠠᠮᠵᠢᠯᠳᠠ ᠤᠯᠬᠤ ᠨᠢ ᠯᠠᠪᠳᠠᠢ ᠭᠡᠪᠠ᠃

    ᠯᠢ ᠵᠢᠢ ᠾᠧᠩ ᠬᠤᠤ ᠰᠢᠦ ᠱᠠᠨ ᠤ ᠭᠡᠷ ᠲᠤ ᠬᠦᠷᠦᠮᠡᠭᠴᠡ ᠪᠠᠨ ᠲᠡᠬᠦᠨ ᠤ ᠭᠠᠷ ᠢ ᠠᠳᠬᠤᠵᠦ ᠭᠡᠯᠡᠭᠰᠡᠨ ᠨᠢ᠂ ᠪᠢ ᠤᠳᠤ ᠥᠪᠦᠷ ᠮᠤᠩᠭ᠋ᠤᠯ ᠤᠨ ᠬᠦᠮᠦᠨ ᠪᠤᠯᠤᠭᠰᠠᠨ ᠡ᠂ ᠲᠠᠠ ᠢ ᠠᠬᠠᠮᠠᠳ ᠬᠤᠪᠢᠰᠬᠠᠯᠴᠢ ᠭᠡᠵᠦ ᠰᠤᠨᠤᠰᠤᠭᠠᠳ ᠤᠨᠴᠠᠭᠠᠢᠢᠯᠠᠨ ᠪᠤᠯᠭᠤᠭᠠᠬᠤ ᠪᠠᠷ ᠢᠷᠡᠯ᠎ᠠ᠂ ᠬᠤᠪᠢᠰᠬᠠᠯ ᠤᠨ ᠠᠬᠠᠮᠠᠳ ᠨᠦᠬᠦᠳ ᠲᠤ ᠪᠡᠶ᠎ᠡ ᠪᠠᠨ ᠲᠠᠨᠢᠯᠴᠠᠭᠤᠯᠬᠤ ᠶᠢᠨ ᠬᠠᠮᠳᠦ ᠰᠤᠷᠤᠯᠴᠠᠬᠤ ᠪᠠᠷ ᠢᠷᠡᠯ᠎ᠠ᠃ ᠭᠡᠷ ᠲᠤ ᠨᠠᠰᠤᠲᠠᠠ ᠪᠠᠶᠢᠪᠠᠯ ᠡᠷᠲᠡᠨᠢ ᠪᠠᠶᠢᠭᠰᠠᠠ ᠲᠠᠢ ᠠᠲᠠᠯᠢ᠂ ᠠᠬᠠᠮᠠᠳ ᠨᠦᠬᠦᠳ ᠪᠤᠯ ᠨᠠᠮ ᠪᠠ ᠤᠯᠤᠰ ᠤᠨ ᠨᠠᠨᠲᠢᠨ ᠡᠷᠲᠡᠨᠢ ᠪᠠᠶᠢᠵᠤ᠂ ᠲᠤᠮᠲᠠᠲᠤ ᠤᠯᠤᠰ ᠤᠨ ᠬᠤᠪᠢᠰᠬᠠᠯ᠂ ᠪᠦᠲᠦᠭᠡᠡ ᠪᠠᠶᠢᠭᠤᠯᠤᠯᠲᠠ ᠪᠠ ᠦᠭᠡᠷᠡᠴᠢᠯᠡᠯᠲᠡ ᠶᠢᠨ ᠡᠯ᠎ᠠ ᠲᠡᠤᠬᠡᠲᠦ ᠴᠠᠭ ᠦᠶ᠎ᠠ ᠳᠤ ᠪᠦᠷ ᠯᠤᠲᠤ ᠶᠡᠭᠡ ᠲᠡᠤᠭᠡᠲᠦ ᠴᠢᠨᠠᠷᠲᠠᠢ ᠬᠤᠪᠢ ᠨᠡᠮᠡᠷᠢ ᠤᠷᠤᠭᠤᠯᠵᠦ᠂ ᠰᠢᠨ᠎ᠠ ᠲᠤᠮᠲᠠᠲᠤ ᠤᠯᠤᠰ ᠤᠨ ᠪᠦᠲᠦᠭᠡᠡ ᠪᠠᠶᠢᠭᠤᠯᠤᠯᠲᠠ ᠪᠠ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠭᠠᠪᠢᠶᠠᠲᠠᠠ ᠮᠦᠨ᠃ ᠪᠢ ᠨᠠᠮ ᠤᠨ ᠲᠦᠪ ᠬᠤᠷᠢᠶᠠᠠ ᠤ ᠨᠡᠶᠢᠲᠡᠯᠭ᠎ᠠ ᠶᠢ ᠪᠠᠲᠤ ᠴᠡᠭᠡᠵᠢᠯᠡᠵᠦ᠂ ᠶᠡᠷᠦᠩᠭᠡᠢ ᠱᠦᠵᠢ ᠰᠢ ᠶᠢᠨ ᠫᠢᠩ ᠤᠨ《ᠤᠭ ᠰᠠᠨᠠᠭ᠎ᠠ ᠪᠠᠨ ᠦᠯᠦ ᠮᠠᠷᠲᠠᠵᠤ ᠦᠷᠬᠦᠯᠵᠢᠯᠡᠡ ᠤᠷᠤᠭᠰᠢᠯᠠᠶ᠎ᠠ》ᠭᠡᠬᠦ ᠰᠤᠷᠭᠠᠯ ᠢ ᠪᠠᠲᠤ ᠴᠡᠭᠡᠵᠢᠯᠡᠵᠦ᠂ ᠠᠬᠠᠮᠠᠳ ᠨᠦᠬᠦᠳ ᠤᠨ ᠬᠦᠰᠡᠯ ᠨᠠᠶᠢᠲᠠᠯᠭ᠎ᠠ ᠶᠢ ᠪᠠᠲᠤ ᠴᠡᠭᠡᠵᠢᠯᠡᠵᠦ᠂ ᠴᠠᠭ ᠢᠮᠠᠭᠲᠠ ᠨᠠᠮ ᠳᠠᠭᠠᠨ ᠦᠨᠡᠡᠴᠢ ᠰᠢᠲᠤᠷᠭᠤ ᠪᠠᠶᠢᠬᠤ ᠶᠢ ᠪᠠᠷᠢᠮᠲᠠᠯᠠᠵᠦ᠂ ᠠᠷᠠᠳ ᠲᠦᠮᠡᠡ ᠳᠤ ᠦᠢᠯᠡᠴᠢᠯᠡᠬᠦ ᠵᠤᠷᠢᠯᠲᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠦ᠂ ᠠᠬᠠᠮᠠᠳ ᠨᠦᠬᠦᠳ ᠤᠨ ᠰᠠᠶᠢᠨ ᠦᠵᠡᠯ ᠰᠡᠠᠨᠠᠭ᠎ᠠ᠂ ᠰᠠᠶᠢᠨ ᠰᠤᠷᠲᠠᠯ᠂ ᠰᠠᠶᠢᠨ ᠤᠯᠠᠮᠵᠢᠯᠠᠯ ᠢ ᠵᠠᠯᠭᠠᠮᠵᠢᠯᠠᠨ ᠬᠦᠭ᠍ᠵᠢᠭᠦᠯᠵᠦ᠂ ᠤᠲᠠᠯ ᠦᠭᠡᠢ ᠬᠤᠷᠠᠯᠲᠤᠭᠤᠯᠬᠤ ᠬᠡᠵᠤ ᠪᠠᠶᠢᠭ᠎ᠠ ᠦᠪᠡᠷᠲᠡᠭᠡᠡ ᠵᠠᠰᠬᠠᠤ ᠤᠷᠤᠨ ᠤ ᠠᠷᠪᠠᠲᠤᠭᠠᠷ ᠤᠲᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠢ ᠪᠦᠯᠬᠦᠮᠲᠠᠯ ᠲᠠᠢ᠂ ᠠᠷᠠᠳᠴᠢᠯᠠᠯ ᠲᠠᠢ᠂ ᠦᠨᠡᠡ ᠢ ᠪᠠᠷᠢᠮᠲᠠᠯᠠᠭᠰᠠᠠ᠂ ᠪᠤᠲᠠᠲᠠᠢ ᠶᠢ ᠡᠷᠬᠢᠮᠯᠡᠭᠰᠡᠡ ᠶᠡᠭᠡ ᠬᠤᠷᠠᠯ ᠪᠤᠯᠭᠠᠠ ᠬᠤᠷᠠᠯᠲᠤᠭᠤᠯᠤᠨ᠎ᠠ᠃ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠭᠰᠠᠠ ᠨᠠᠮ ᠤᠨ ᠲᠦᠪ ᠬᠤᠷᠢᠶᠠᠠ ᠤ ᠤᠯᠤᠰ ᠢ ᠵᠠᠰᠠᠵᠦ ᠵᠠᠰᠠᠭ ᠤᠨ ᠶᠠᠪᠤᠲᠠᠯ ᠡᠷᠬᠢᠯᠡᠬᠦ ᠰᠢᠨ᠎ᠠ ᠣᠨᠣᠯᠵᠢᠬᠤᠨ᠂ ᠰᠢᠨ᠎ᠠ ᠦᠵᠡᠯ ᠰᠠᠨᠠᠭ᠎ᠠ᠂ ᠰᠢᠨ᠎ᠠ ᠪᠠᠶᠢᠯᠲᠤᠬᠤ ᠪᠤᠲᠤᠯᠭ᠎ᠠ ᠶᠢ ᠡᠷᠴᠢᠮᠲᠡᠢ ᠲᠤᠤᠱᠯᠠᠭᠤᠯᠤᠨ ᠨᠠᠶᠢᠲᠠᠪᠤᠷᠢᠵᠢᠭᠤᠯᠵᠦ᠂ ᠦᠪᠦᠷ ᠮᠤᠩᠭ᠋ᠤᠯ ᠤᠨ ᠡᠯ᠎ᠠ ᠵᠦᠢᠯ ᠤᠨ ᠠᠵᠢᠯ ᠤᠨ ᠰᠢᠨ᠎ᠠ ᠪᠠᠶᠢᠲᠠᠯ ᠢ ᠦᠷᠭᠦᠯᠵᠢᠯᠡᠡ ᠨᠡᠭᠡᠭᠡᠵᠦ᠂ ᠨᠠᠮ ᠤᠨ ᠲᠦᠪ ᠬᠤᠷᠢᠶ᠎ᠠ ᠪᠤᠯᠤᠨ ᠠᠷᠠᠳ ᠤᠯᠠᠠ ᠳᠤ ᠨᠡᠩ ᠰᠢᠯᠢᠲᠡᠭ ᠰᠢᠨ᠎ᠠ ᠬᠠᠷᠢᠭᠤᠯᠲᠠ ᠦᠭ᠍ᠬᠦ ᠪᠠᠷ ᠴᠢᠷᠮᠠᠶᠢᠨ᠎ᠠ ᠬᠡᠪᠡ᠃

    1940 ᠣᠨ ᠳᠤ ᠬᠤᠪᠢᠰᠬᠠᠯ ᠳᠤ ᠤᠷᠤᠯᠴᠠᠭᠰᠠᠠ ᠡᡁᠧ ᠶᠤᠤ ᠶᠢᠨ ᠴᠤᠭ ᠰᠦᠯᠲᠠ ᠪᠠᠲᠠᠷᠠᠩᠭ᠋ᠤᠢ᠂ ᠦᠰᠦ ᠨᠢ ᠪᠤᠭᠤᠷᠤᠯᠲᠤᠭᠰᠠᠠ ᠴᠤ ᠨᠢᠭᠤᠷ ᠴᠢᠷᠠᠢ ᠳᠤᠨᠢ ᠤᠯᠠᠭ᠎ᠠ ᠪᠠᠲᠠᠷᠠᠵᠦ ᠪᠠᠶᠢᠭ᠎ᠠ ᠶᠢ ᠬᠠᠷᠠᠭᠠᠳ ᠯᠢ ᠵᠢᠢ ᠡᡁᠧᠩ ᠪᠠᠶᠠᠷᠲᠠᠢ ᠪᠠᠷ᠂ ᠪᠢ ᠵᠠᠮ ᠲᠠᠨᠢᠵᠦ ᠡᠭᠦᠲᠠ ᠲᠠᠨᠢᠵᠦ ᠬᠦᠮᠦᠨ ᠲᠠᠨᠢᠬᠤ ᠪᠠᠷ ᠢᠷᠡᠯ᠎ᠠ᠂ ᠲᠠᠠ ᠠᠴᠠ ᠰᠤᠷᠭᠠᠯ ᠬᠦᠷᠲᠡᠵᠦ ᠰᠤᠷᠤᠯᠴᠠᠬᠤ ᠪᠠᠷ ᠢᠷᠠᠵᠠᠢ᠃ ᠨᠠᠮ ᠤᠨ ᠲᠦᠪ ᠬᠤᠷᠢᠶ᠎ᠠ ᠨᠠᠮ᠎ᠠ ᠶᠢ ᠦᠪᠦᠷ ᠮᠤᠩ᠋ᠭᠤᠯ ᠤᠨ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠱᠦᠵᠢ ᠶᠢᠨ ᠲᠤᠰᠢᠶᠠᠯ ᠢ ᠬᠠᠷᠢᠭᠤᠴᠠᠭᠤᠯᠬᠤ ᠪᠠᠷ ᠲᠤᠭᠲᠠᠵᠠᠢ᠂ ᠪᠢ ᠵᠠᠪᠠᠯ ᠦᠪᠦᠷ ᠮᠤᠩᠭ᠋ᠤᠯ ᠤᠨ ᠦᠭᠡᠷᠡᠴᠢᠯᠡᠯᠲᠡ ᠬᠦᠭ᠍ᠵᠢᠯᠲᠠ ᠶᠢᠨ ᠪᠤᠤᠬᠢᠶ᠎ᠠ ᠶᠢ ᠰᠠᠶᠢᠲᠤᠷ ᠲᠤᠰᠤᠠ ᠠᠪᠴᠤ᠂ ᠪᠦᠬᠦ ᠤᠷᠤᠨ ᠤ ᠦᠨᠲᠦᠰᠦᠲᠡᠡ ᠨᠦᠭᠦᠳ ᠤᠨ ᠺᠠᠳ᠋ᠷ ᠤᠯᠠᠠ ᠲᠦᠮᠡᠡ ᠲᠠᠢ ᠬᠠᠮᠲᠤᠪᠠᠷ ᠴᠢᠷᠮᠠᠶᠢᠵᠦ ᠪᠠᠶᠢᠭᠠᠳ ᠦᠪᠦᠷ ᠮᠤᠩᠭ᠋ᠤᠯ ᠤᠨ ᠡᠯ᠎ᠠ ᠵᠦᠢᠯ ᠤᠨ ᠠᠵᠢᠯ ᠢ ᠴᠢᠨᠠᠭᠰᠢᠲᠠ ᠰᠠᠶᠢᠲᠤᠷ ᠬᠢᠨ᠎ᠠ ᠭᠡᠵᠦ ᠬᠡᠯᠡᠪᠡ᠃

    ᠪᠢᠳᠡᠨ ᠤ ᠭᠡᠷ ᠪᠦᠯᠢ ᠶᠢᠨ ᠭᠡᠰᠢᠭᠦᠳ ᠤᠨ ᠲᠤᠳᠤᠷ᠎ᠠ ᠬᠢᠳᠡᠳ ᠦᠨᠳᠤᠰᠤᠳᠡᠨ ᠪᠠᠶᠢᠬᠤ ᠪᠦᠭᠡᠳ ᠮᠤᠩᠭ᠋ᠤᠯ ᠦᠨᠳᠤᠰᠤᠳᠡᠨ ᠴᠦ ᠪᠠᠶᠢᠵᠤ᠂ ᠦᠨᠳᠤᠰᠤᠳᠡᠨ ᠨᠦᠭᠦᠳ ᠠᠭᠤᠰᠤᠯᠴᠠᠬᠰᠡᠨ ᠲᠤᠮᠤ ᠭᠡᠷ ᠪᠦᠯᠢ ᠮᠦᠨ ᠭᠡᠵᠦ ᠶᠦᠨ ᠵᠤᠤ ᠭᠤᠸᠠᠩ ᠤᠨ ᠲᠠᠨᠢᠯᠴᠠᠭᠤᠯᠬᠤ ᠶᠢ ᠰᠤᠨᠤᠰᠤᠭᠠᠳ ᠯᠢ ᠵᠢᠢ ᠾᠧᠩ ᠭᠡᠯᠡᠭᠰᠡᠨ ᠨᠢ᠂ ᠦᠨᠳᠤᠰᠤᠳᠡᠨ ᠤ ᠪᠦᠯᠭᠦᠮᠳᠡᠯ ᠪᠤᠯ ᠮᠠᠨ ᠤ ᠤᠯᠤᠰ ᠤᠨ ᠦᠨᠳᠤᠰᠤᠳᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ᠂ ᠨᠠᠮ ᠤᠨ ᠲᠦᠪ ᠬᠤᠷᠢᠶ᠎ᠡ ᠢᠮᠠᠭᠳᠠ ᠦᠨᠳᠤᠰᠤᠳᠡᠨ ᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠤ ᠦᠵᠡᠳᠡᠭ᠃ ᠮᠠᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ ᠽᠧ ᠮᠢᠨ᠂ ᠬᠤ ᠶᠢᠨ ᠲᠤᠤ ᠵᠡᠷᠭᠡ ᠲᠦᠪ ᠤᠨ ᠤᠳᠤᠷᠢᠳᠤᠯᠭ᠎ᠠ ᠴᠦᠮ ᠦᠨᠳᠤᠰᠤᠳᠡᠨ ᠤ ᠠᠵᠢᠯ ᠢ ᠰᠠᠶᠢᠳᠤᠷ ᠬᠢᠭᠦ ᠳᠤ ᠲᠤᠳᠤᠷᠬᠠᠢ ᠱᠠᠭᠠᠷᠳᠠᠯᠭ᠎ᠠ ᠲᠤᠷᠠᠳᠴᠤ ᠦᠩᠭᠡᠷᠡᠪᠡ᠃ ᠶᠡᠷᠦᠩᠬᠡᠢ ᠱᠦᠵᠢ ᠰᠢ ᠶᠢᠨ ᠫᠢᠩ ᠵᠢᠭᠠᠵᠦ ᠭᠠᠷᠭᠠᠬᠤ ᠳᠠᠭᠠᠨ᠄ ᠦᠨᠳᠤᠰᠤᠳᠡᠨ ᠨᠦᠭᠦᠳ ᠴᠦᠮ ᠨᠢᠭᠡ ᠭᠡᠷ ᠪᠦᠯᠢ ᠮᠦᠨ᠂ ᠭᠡᠷ ᠪᠦᠯᠢ ᠪᠠᠷ ᠢᠶᠠᠨ ᠴᠦᠮ ᠵᠤᠯ ᠵᠢᠷᠭᠠᠯ ᠲᠠᠢ ᠠᠮᠢᠳᠤᠷᠠᠬᠤ ᠭᠡᠷᠡᠭᠲᠠᠢ᠃ ᠴᠢᠨᠡᠭᠡᠯᠢᠭ᠌ ᠨᠡᠶᠢᠭᠡᠮ ᠢ ᠪᠡᠶᠡᠯᠡᠬᠦᠯᠬᠦ ᠵᠠᠮ ᠳᠡᠭᠡᠷ᠎ᠡ ᠨᠢᠭᠡ ᠴᠦ ᠦᠨᠳᠤᠰᠤᠳᠡᠨ ᠤ ᠠᠬ᠎ᠠ ᠲᠡᠭᠦᠦ ᠶᠢ ᠡᠩᠨᠡᠭᠡ ᠠᠴᠠ ᠪᠠᠨ ᠬᠤᠴᠤᠷᠠᠭᠤᠯᠬᠤ ᠦᠭᠡᠢ ᠭᠡᠪᠡ᠃ ᠪᠢ ᠦᠪᠤᠷ ᠮᠤᠩᠭ᠋ᠤᠯ ᠳᠤ ᠢᠷᠡᠵᠤ ᠠᠵᠢᠯᠯᠠᠬᠤ ᠳᠤ ᠶᠡᠷᠦᠩᠬᠡᠢ ᠱᠦᠵᠢ ᠰᠢ ᠶᠢᠨ ᠫᠢᠩ ᠨᠡᠳᠡ ᠳᠤ᠂ ᠦᠪᠡᠷ ᠤᠨ ᠨᠢᠳᠤᠨ ᠤ ᠴᠡᠴᠡᠭᠡᠢ ᠪᠠᠨ ᠬᠠᠶᠢᠷᠠᠯᠠᠬᠤ ᠰᠢᠭ ᠦᠨᠳᠤᠰᠤᠳᠡᠨ ᠤ ᠪᠦᠯᠭᠦᠮᠳᠡᠯ ᠢ ᠬᠠᠶᠢᠷᠠᠯᠠᠨ ᠬᠠᠮᠠᠭᠠᠯᠠᠬᠤ ᠭᠡᠷᠡᠭᠲᠠᠢ ᠭᠡᠵᠤ ᠵᠠᠬᠢᠪᠡ᠃ ᠪᠢᠳᠡ ᠯᠠᠪᠳᠠᠶ᠎ᠡ ᠨᠠᠮ ᠤᠨ ᠲᠦᠪ ᠬᠤᠷᠢᠶᠡᠨ ᠤ ᠱᠠᠭᠠᠷᠳᠠᠯᠭ᠎ᠠ ᠪᠠᠷ《ᠬᠤᠶᠠᠷ ᠬᠠᠮᠳᠤ ᠪᠠᠶᠢᠬᠤ》ᠭᠤᠤᠯ ᠰᠡᠳᠤᠪ ᠢ ᠴᠢᠩᠭ᠋᠎ᠠ ᠠᠳᠬᠤᠵᠤ᠂《ᠭᠤᠷᠪᠡᠨ ᠰᠠᠯᠵᠤ ᠴᠢᠳᠠᠬᠤ ᠦᠭᠡᠢ》ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠦᠨᠳᠤᠰᠤᠳᠡᠨ ᠤ ᠠᠵᠢᠯ ᠢ ᠪᠦᠭᠦ ᠭᠦᠴᠤᠨ ᠢᠶᠠᠷ ᠰᠠᠶᠢᠳᠤᠷ ᠬᠢᠵᠤ᠂ ᠦᠨᠳᠤᠰᠤᠳᠡᠨ ᠨᠦᠭᠦᠳ ᠤᠨ ᠺᠡᠳ᠋ᠷ ᠤᠯᠠᠨ ᠲᠦᠮᠡᠨ ᠢ ᠪᠦᠯᠭᠦᠮᠳᠡᠬᠦᠯᠦᠨ ᠲᠠᠶᠢᠴᠢᠯᠠᠵᠤ᠂ ᠥᠪᠥᠷ ᠬᠠᠮᠲᠤᠪᠡᠷ ᠮᠤᠩᠭ᠋ᠤᠯ ᠤᠨ ᠰᠠᠶᠢᠨ ᠰᠠᠶᠢᠬᠠᠨ ᠢᠷᠡᠭᠡᠳᠤᠢ ᠶᠢ ᠴᠤᠭᠴᠠᠯᠠᠨ᠎ᠠ ᠭᠡᠪᠡ᠃

    ᠶᠦᠨ ᠱᠦ ᠪᠢ ᠶᠢ ᠪᠤᠯᠭᠤᠭᠠᠨ ᠦᠵᠡᠭᠦ ᠳᠡᠭᠡᠨ ᠯᠢ ᠵᠢᠢ ᠾᠧᠩ ᠲᠤᠬᠠᠢ ᠶᠢᠨ ᠵᠢᠯ ᠲᠦᠪ ᠤᠨ ᠨᠠᠮ ᠤᠨ ᠰᠤᠷᠭᠠᠭᠤᠯᠢ ᠳᠤ ᠰᠤᠷᠤᠯᠴᠡᠵᠤ ᠪᠠᠶᠢᠬᠤ ᠦᠶ᠎ᠡ ᠳᠡᠭᠡᠨ ᠲᠠᠯ᠎ᠡ ᠨᠤᠳᠤᠭ ᠤᠨ ᠲᠠᠭᠤᠤ ᠶᠢ ᠪᠠᠭ᠋ᠠᠷᠬᠠᠳᠠᠭ ᠪᠠᠶᠢᠬᠰᠡᠨ ᠪᠡ ᠦᠪᠤᠷ ᠮᠤᠩᠭ᠋ᠤᠯ ᠤᠨ ᠲᠤᠬᠠᠢ ᠭᠦᠰᠡᠯ ᠲᠠᠮᠡᠤᠯᠡᠯ ᠢᠶᠠᠨ ᠡᠷᠬᠢᠴᠡᠭᠦᠯᠵᠡᠢ᠃ ᠳᠠᠷᠠ ᠬᠡᠯᠡᠭᠰᠠᠠ ᠨᠢ᠂ ᠠᠬᠠᠮᠠᠳ ᠨᠦᠬᠦᠳ ᠤᠷᠳᠦ ᠬᠤᠭᠤᠴᠠᠭᠠᠠ ᠤ ᠬᠤᠪᠢᠰᠬᠠᠯ᠂ ᠪᠦᠳᠦᠬᠡᠡ ᠪᠠᠶᠢᠭᠤᠯᠤᠯᠳᠠ ᠪᠠ ᠦᠬᠡᠷᠡᠴᠢᠯᠡᠯᠳᠡ ᠶᠢᠨ ᠦᠢᠯᠠᠳᠦᠯᠬᠡ ᠳᠤᠮᠳᠠ ᠡᠯᠪᠡᠭ᠌ ᠪᠠᠶᠠᠯᠢᠬ ᠳᠤᠷᠰᠢᠯᠭ᠎ᠠ ᠬᠤᠷᠠᠮᠳᠤᠭᠤᠯᠵᠦ᠂ ᠤᠷᠦᠯᠠᠵᠦ ᠪᠤᠯᠤᠰᠢ ᠦᠬᠡᠢ ᠦᠵᠡᠯ ᠰᠠᠨᠠᠭ᠎ᠠ ᠤᠯᠥᠰ ᠳᠦᠷᠦ ᠶᠢᠨ ᠳᠠᠪᠠᠭᠤᠯᠢᠬ ᠪᠠ ᠤᠳᠦᠷᠢᠳᠬᠤ ᠳᠤᠷᠰᠢᠯᠭ᠎ᠠ ᠶᠢᠨ ᠳᠠᠪᠠᠭᠤᠯᠢᠬ ᠲᠠᠢ ᠶᠤᠮ᠃ ᠦᠨᠤᠳᠦᠷ ᠪᠢ ᠦᠪᠤᠷ ᠮᠤᠩᠭᠤᠯ ᠳᠤ ᠢᠷᠠᠵᠦ ᠠᠵᠢᠯᠯᠠᠯ᠎ᠠ᠂ ᠠᠬᠠᠮᠠᠳ ᠨᠦᠬᠦᠳ ᠤᠨ ᠶᠡᠬᠡᠬᠡᠨ ᠳᠡᠮᠵᠢᠯᠬᠡ ᠪᠠ ᠬᠠᠪᠰᠦᠷᠤᠯᠭ᠎ᠠ ᠦᠵᠡᠬᠦᠯᠬᠦ ᠶᠢ ᠬᠦᠰᠠᠨ᠎ᠠ ᠬᠡᠵᠠᠢ᠃ ᠠᠶᠠᠷᠯᠠᠠ ᠰᠠᠯᠬᠤ ᠦᠶᠡᠰ ᠯᠢ ᠵᠢᠢ ᠾᠧᠩ ᠱᠦᠵᠢ ᠶᠦᠠ ᠱᠦ ᠪᠢ ᠨᠠᠰᠦᠳᠠᠠ ᠤ ᠨᠢᠬᠡ ᠬᠡᠷ ᠤᠨ ᠬᠢᠨ ᠲᠠᠢ ᠬᠠᠮᠳᠤ《ᠬᠦᠳᠡᠭᠡ ᠳᠠᠯ᠎ᠠ ᠳᠤ ᠮᠦᠩᠬᠡ ᠶᠢᠨ ᠨᠠᠷᠠ ᠮᠠᠠᠳᠦᠯ᠎ᠠ》᠂ 《ᠲᠠᠯ᠎ᠠ ᠨᠤᠳᠤᠬ ᠤᠨ ᠪᠢᠴᠢᠬᠠᠠ ᠪᠠᠭᠠᠳᠦᠷ ᠡᠬᠡᠴᠢ ᠦᠬᠢᠡ ᠳᠠᠬᠦᠦ》 ᠵᠡᠷᠬᠡ ᠲᠠᠯ᠎ᠠ ᠨᠤᠳᠤᠬ ᠤᠨ ᠳᠠᠭᠤᠤ ᠶᠢ ᠳᠠᠭᠤᠯᠠᠬᠰᠠᠨ ᠪᠠᠶᠢᠨ᠎ᠠ᠃

    ᠸᠠᠩ ᠵᠠᠠ ᠤ ᠬᠡᠷ ᠲᠤ᠂ ᠯᠢ ᠵᠢᠢ ᠾᠧᠩ ᠳᠠᠬᠦᠡ ᠢ ᠦᠪᠦᠷ ᠮᠤᠨᠭᠭᠤᠯ ᠤᠨ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠶᠢᠨ ᠠᠵᠢᠯ ᠳᠤ ᠬᠤᠪᠤᠷ ᠨᠠᠠᠳᠢᠠ ᠰᠠᠨᠠᠯ ᠢᠶᠠᠨ ᠢᠯᠡᠬᠦᠬᠡᠡ ᠳᠤᠷᠠᠳᠴᠦ᠂ ᠦᠪᠤᠷ ᠮᠤᠩᠭ᠋ᠤᠯ ᠤᠨ ᠰᠢᠨᠵᠢᠯᠡᠬᠦ ᠤᠬᠠᠭᠠᠠᠴᠢ ᠬᠦᠭ᠍ᠵᠢᠯᠳᠠ ᠶᠢ ᠠᠬᠢᠭᠤᠯᠬᠤ ᠳᠤ ᠦᠷᠬᠦᠯᠵᠢᠯᠡᠡ ᠬᠤᠪᠢ ᠨᠠᠮᠠᠷᠢ ᠪᠠᠨ ᠦᠵᠡᠬᠦᠯᠦᠬᠡᠷᠡᠢ ᠬᠡᠵᠦ ᠬᠦᠰᠠᠪᠡ᠃ ᠸᠠᠩ ᠵᠠᠠ ᠤ ᠳᠦᠷᠦᠭᠰᠡᠡ ᠨᠤᠳᠤᠬ ᠨᠢ ᠪᠦᠸᠧᠬᠠᠢ ᠳᠠᠩᠬᠢᠰ ᠲᠠᠢ ᠦᠢᠷᠠᠬᠠᠠ ᠪᠠᠶᠢᠭ᠎ᠠ ᠶᠢ ᠰᠤᠨᠤᠰᠦᠬᠰᠠᠠ ᠤ ᠳᠠᠷᠠᠭ᠎ᠠ ᠯᠢ ᠵᠢᠢ ᠾᠧᠩ ᠬᠡᠯᠡᠭᠰᠠᠠ ᠨᠢ᠂ ᠪᠢᠳᠠ ᠪᠦᠬᠦᠳᠡᠬᠡᠷ ᠢᠶᠠᠨ ᠡᠬᠡ ᠤᠯᠤᠰ ᠤᠨ ᠳᠦᠷᠪᠡᠡ ᠵᠦᠭ ᠨᠠᠢᠮᠠᠠ ᠵᠤᠪᠬᠢᠰ ᠠᠴᠠ ᠬᠦᠷᠦᠯᠴᠡᠡ ᠢᠷᠡᠵᠦ᠂ ᠦᠪᠦᠷ ᠮᠤᠩᠭ᠋ᠤᠯ ᠤᠨ ᠦᠬᠡᠷᠡᠴᠢᠯᠡᠯᠳᠡ ᠬᠦᠭ᠍ᠵᠢᠯᠳᠡ ᠶᠢᠨ ᠦᠢᠯᠠᠰ ᠤᠨ ᠳᠦᠯᠥᠬᠡ ᠨᠢᠬᠡ ᠳᠤᠤᠷ᠎ᠠ ᠴᠤᠬᠯᠠᠷᠡᠬᠰᠠᠠ ᠪᠠᠶᠢᠨ᠎ᠠ᠃ ᠠᠬᠠᠮᠠᠳ ᠨᠦᠬᠦᠳ ᠦᠪᠤᠷ ᠮᠤᠩᠭ᠋ᠤᠯ ᠤᠨ ᠡᠳ᠋ ᠤᠨ ᠵᠠᠰᠠᠬ ᠤᠨ ᠬᠦᠭ᠍ᠵᠢᠯᠳᠡ᠂ ᠨᠠᠶᠢᠬᠡᠮ ᠤᠨ ᠳᠠᠪᠰᠢᠯᠳᠠ᠂ ᠦᠨᠳᠦᠰᠦᠳᠠᠠ ᠤ ᠪᠦᠯᠬᠦᠮᠳᠠᠯ᠂ ᠬᠢᠯᠢ ᠬᠢᠵᠠᠭᠠᠷ ᠤᠨ ᠠᠮᠤᠷ ᠳᠤᠬᠳᠠᠭᠤᠠ ᠳᠤ ᠴᠢᠬᠤᠯᠠ ᠬᠤᠪᠢ ᠨᠠᠮᠠᠷᠢ ᠪᠠᠨ ᠦᠵᠡᠬᠦᠯᠦᠭᠰᠡᠨ ᠢ ᠪᠢᠳᠠ ᠡᠬᠦᠷᠢᠳᠡ ᠮᠠᠷᠳᠠᠵᠦ ᠪᠤᠯᠬᠤ ᠦᠬᠡᠢ᠃ ᠠᠬᠠᠮᠠᠳ ᠨᠦᠬᠦᠳ ᠤᠨ ᠤᠷᠳᠦ ᠬᠤᠭᠤᠴᠠᠭᠠᠠ ᠤ ᠠᠵᠢᠯ ᠤᠨ ᠦᠢᠯᠡᠳᠦᠯᠬᠡ ᠳᠤᠮᠳᠠ ᠬᠤᠷᠠᠮᠳᠤᠭᠤᠯᠤᠬᠰᠠᠠ ᠡᠯᠪᠡᠭ᠌ ᠪᠠᠶᠠᠯᠢᠬ ᠳᠤᠷᠰᠢᠯᠭ᠎ᠠ ᠵᠢᠴᠢ ᠰᠢᠯᠢᠳᠡᠭ ᠤᠯᠠᠮᠵᠢᠯᠡᠯ ᠢ ᠪᠢᠳᠠ ᠡᠬᠦᠷᠢᠳᠡ ᠰᠤᠷᠤᠯᠴᠠᠭᠤᠰᠢᠳᠠᠢ ᠶᠤᠮ ᠬᠡᠯ᠎ᠠ᠃

    ᠪᠤᠯᠭᠤᠭᠠᠠ ᠳᠤᠬᠤᠨᠢᠭᠤᠯᠬᠤ ᠳᠤᠮᠳᠠ ᠯᠢ ᠵᠢᠢ ᠾᠧᠩ ᠴᠢᠬᠤᠯᠠᠴᠢᠯᠠᠬᠰᠠᠠ ᠨᠢ᠂ ᠡᠯ᠎ᠠ ᠱᠠᠳᠦᠠ ᠤ ᠨᠠᠮ ᠤᠨ ᠬᠤᠷᠢᠶ᠎ᠠ᠂ ᠵᠠᠰᠠᠬ ᠤᠨ ᠤᠷᠳᠦᠡ ᠠᠬᠠᠮᠠᠳ ᠨᠦᠬᠦᠳ ᠢ ᠰᠠᠶᠢᠳᠦᠷ ᠬᠠᠯᠠᠮᠵᠢᠯᠠᠨ ᠬᠠᠷᠠᠭᠠᠯᠵᠠᠵᠦ᠂ ᠠᠬᠠᠮᠠᠳ ᠨᠦᠬᠦᠳ ᠢ ᠠᠮᠤᠷ ᠠᠮᠤᠭᠤᠯᠠᠩ ᠢᠶᠠᠷ ᠦᠳᠠᠯᠤᠬᠡ ᠨᠠᠰᠦ ᠶᠢ ᠨᠢ ᠦᠩᠬᠡᠷᠡᠬᠦᠯᠵᠦ᠂ ᠠᠮᠤᠷ ᠵᠢᠷᠭᠠᠯ ᠲᠠᠢ ᠠᠮᠢᠳᠦᠷᠠᠭᠤᠯᠬᠤ ᠬᠡᠷᠡᠭᠳᠡᠢ᠃ ᠬᠦᠠ ᠵᠤᠵᠠᠭᠠᠠ ᠬᠠᠶᠢᠷ᠎ᠠ ᠰᠠᠳᠬᠢᠯᠬᠡ ᠪᠠᠷ ᠠᠬᠠᠮᠠᠳ ᠺᠡᠳ᠋ᠷ ᠤᠨ ᠠᠵᠢᠯ ᠢ ᠴᠢᠨᠠᠬᠰᠢᠳᠠ ᠰᠠᠶᠢᠳᠦᠷ ᠬᠢᠵᠦ᠂ ᠤᠯᠥᠰ ᠳᠦᠷᠦ ᠶᠢᠨ ᠳᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠠ ᠤ ᠳᠠᠯ᠎ᠠ ᠪᠠᠷ ᠠᠩᠬᠠᠷᠬᠤ᠂ ᠠᠮᠢᠳᠦᠷᠠᠯ ᠤᠨ ᠳᠠᠯ᠎ᠠ ᠪᠠᠷ ᠬᠠᠷᠠᠭᠠᠯᠵᠠᠬᠤ᠂ ᠤᠶᠤᠠ ᠰᠠᠨᠠᠭᠠᠠ ᠤ ᠳᠠᠯ᠎ᠠ ᠪᠠᠷ ᠬᠠᠯᠠᠮᠵᠢᠯᠠᠬᠤ ᠶᠢ ᠦᠨᠠᠨᠬᠦ ᠰᠠᠶᠢᠳᠦᠷ ᠬᠢᠵᠦ᠂ ᠳᠠᠳᠠᠠ ᠤ ᠪᠤᠳᠠᠳᠠᠢ ᠠᠰᠠᠭᠤᠳᠠᠯ ᠢ ᠦᠨᠠᠨᠬᠦ ᠰᠢᠢᠳᠪᠤᠷᠢᠯᠠᠵᠦ᠂ ᠳᠠᠳᠠᠠ ᠤ ᠰᠠᠨᠠᠯ ᠰᠠᠨᠠᠭᠤᠯᠭ᠎ᠠ ᠶᠢ ᠢᠯᠡᠬᠦᠬᠡᠡ ᠰᠤᠨᠤᠰᠴᠦ᠂ ᠠᠬᠠᠮᠠᠳ ᠺᠠᠳ᠋ᠷ ᠤᠨ ᠠᠵᠢᠯ ᠢ ᠰᠢᠨ᠎ᠠ ᠳᠦᠪᠰᠢᠡ ᠳᠤ ᠭᠠᠷᠭᠠᠬᠤ ᠪᠠᠷ ᠴᠢᠷᠮᠠᠶᠢᠬᠤ ᠬᠡᠷᠡᠭᠳᠡᠢ ᠬᠡᠵᠡᠢ᠃

ᠢᠷᠡᠯᠳᠡ᠄ ᠦᠪᠦᠷ ᠮᠤᠨᠭᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119491278