蒙古文网站Logo
ᠰᠢᠨᠬᠤᠸᠠ ᠮᠤᠩᠭ᠋ᠤᠯ ᠨᠧᠲ

ᠳᠡᠯᠡᠬᠡᠢ ᠶᠢᠨ ᠤᠷᠠᠯᠢᠭ ᠤᠨ ᠲᠡᠦᠬᠡ ᠶᠢᠨ ᠶᠡᠬᠡ ᠬᠤᠷᠠᠯ 9 ᠰᠠᠷ᠎ᠠ ᠶᠢᠨ 16 ᠍ ᠠᠴᠠ 20 ᠍ ᠦ ᠡᠳᠦᠷ ᠪᠣᠯᠲᠠᠯ᠎ᠠ ᠪᠡᠭᠡᠵᠢᠩ ᠳᠦ ᠬᠤᠷᠠᠯᠳᠤᠨ᠎ᠠ

2016-09-01 09:33

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 8 ᠰᠠᠷ᠎ᠠ ᠶᠢᠨ 31 ᠍ ᠦ ᠡᠳᠦᠷ ᠦᠨ ᠮᠡᠳᠡᠭᠡ ᠶᠢ ᠦᠨᠳᠦᠰᠦᠯᠡᠪᠡᠯ᠂ ᠣᠯᠠᠨ ᠤᠯᠤᠰ ᠤᠨ ᠰᠤᠶᠤᠯ ᠤᠷᠠᠯᠢᠭ ᠤᠨ ᠡᠲᠡᠭᠡᠳ ᠦᠨ 《ᠣᠯᠢᠮᠫᠢᠺ》᠍ ᠦᠨ ᠴᠢᠭᠤᠯᠭᠠᠨ ᠭᠡᠮᠡᠨ ᠠᠯᠳᠠᠷᠰᠢᠭᠰᠠᠨ ᠳᠡᠯᠡᠬᠡᠢ ᠶᠢᠨ ᠤᠷᠠᠯᠢᠭ ᠤᠨ ᠲᠡᠦᠬᠡ ᠶᠢᠨ ᠶᠡᠬᠡ ᠬᠤᠷᠠᠯ 9 ᠰᠠᠷ᠎ᠠ ᠶᠢᠨ 16 ᠍ ᠠᠴᠠ 20 ᠍ ᠦ ᠡᠳᠦᠷ ᠪᠣᠯᠲᠠᠯ᠎ᠠ ᠪᠡᠭᠡᠵᠢᠩ ᠳᠦ ᠬᠤᠷᠠᠯᠳᠤᠬᠤ ᠪᠡᠷ ᠪᠠᠶᠢᠨ᠎ᠠ᠃ ᠲᠤᠬᠠᠢ ᠶᠢᠨ ᠦᠶ᠎ᠡ ᠳᠦ ᠳᠡᠯᠡᠬᠡᠢ ᠶᠢᠨ 43 ᠤᠯᠤᠰ ᠣᠷᠣᠨ ᠤ ᠣᠯᠠᠨ ᠤᠯᠤᠰ ᠤᠨ ᠤᠷᠠᠯᠢᠭ ᠤᠨ ᠲᠡᠦᠬᠡ ᠶᠢᠨ 300 ᠰᠢᠬᠠᠮ ᠲᠤᠰᠬᠠᠢ ᠮᠡᠷᠭᠡᠵᠢᠯᠲᠡᠨ ᠤᠷᠢᠯᠭ᠎ᠠ ᠪᠠᠷ ᠬᠤᠷᠠᠯ ᠳᠤ ᠤᠷᠤᠯᠴᠠᠬᠤ ᠪᠣᠯᠤᠨ᠎ᠠ᠃

    ᠲᠣᠰ ᠤᠳᠠᠭᠠᠨ ᠤ ᠬᠤᠷᠠᠯ ᠢ ᠣᠯᠠᠨ ᠤᠯᠤᠰ ᠤᠨ ᠤᠷᠠᠯᠢᠭ ᠤᠨ ᠲᠡᠦᠬᠡ ᠶᠢᠨ ᠰᠤᠳᠤᠯᠭᠠᠨ ᠤ ᠬᠤᠷᠠᠯ᠂ ᠳᠥᠪ ᠦᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ ᠠᠴᠠ ᠭᠣᠣᠯᠯᠠᠨ ᠡᠷᠭᠢᠯᠡᠵᠦ ᠪᠠᠶᠢᠭ᠎ᠠ ᠶᠤᠮ᠃ ᠬᠤᠷᠠᠯ ᠤᠨ ᠦᠶ᠎ᠡ ᠪᠡᠷ 21 ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠲᠤᠰᠬᠠᠢ ᠰᠡᠳᠦᠪᠲᠦ ᠢᠯᠡᠳᠬᠡᠯ ᠬᠢᠬᠦ ᠪᠤᠶᠤ ᠶᠠᠷᠢᠯᠴᠠᠯᠭ᠎ᠠ ᠥᠷᠨᠢᠭᠦᠯᠵᠦ᠂ ᠳᠡᠯᠡᠬᠡᠢ ᠶᠢᠨ ᠤᠷᠠᠯᠢᠭ ᠤᠨ ᠲᠡᠦᠬᠡ ᠶᠢᠨ ᠰᠤᠳᠤᠯᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠢ ᠰᠣᠨᠢᠷᠬᠠᠭᠤᠯᠬᠤ ᠶᠢᠨ ᠬᠠᠮᠲᠤ ᠡᠨᠡ ᠬᠠᠮᠢᠶ᠎ᠠ ᠲᠠᠢ ᠰᠣᠯᠢᠯᠴᠠᠭ᠎ᠠ ᠬᠢᠵᠦ᠂ ᠬᠦᠮᠦᠰ ᠢ ᠰᠡᠩᠬᠡᠷᠡᠭᠦᠯᠦᠨ ᠥᠷᠥᠨ᠎ᠡ ᠳᠣᠷᠣᠨ᠎ᠠ ᠶᠢᠨ ᠰᠤᠶᠤᠯ ᠤᠨ ᠦᠨ᠎ᠡ ᠥᠷᠲᠡᠭ ᠪᠠ ᠭᠠᠪᠢᠶ᠎ᠠ᠂ ᠵᠢᠳᠬᠦᠯ ᠂ ᠣᠨᠴᠠᠭᠠᠶᠢᠯᠠᠨ ᠠᠽᠢᠶ᠎ᠠ ᠠᠹᠷᠢᠺᠠ ᠯᠠᠲ᠋ᠢᠨ ᠠᠮᠧᠷᠢᠺᠠ ᠲᠢᠪ ᠦᠨ ᠣᠷᠣᠨ ᠤ ᠤᠷᠠᠯᠢᠭ ᠪᠠ ᠰᠤᠶᠤᠯ ᠤᠨ ᠬᠥᠭᠵᠢᠯᠲᠡ ᠶᠢᠨ ᠣᠨᠴᠠᠯᠢᠭ ᠲᠤ ᠳᠠᠭᠢᠵᠤ ᠦᠨᠡᠯᠡᠯᠲᠡ ᠬᠢᠯᠭᠡᠬᠦ ᠪᠤᠶᠤ ᠰᠢᠨ᠎ᠡ ᠬᠠᠷᠠᠭᠠᠰᠤ ᠠᠴᠠ ᠦᠵᠡᠬᠦ ᠪᠣᠯᠤᠨ᠎ᠠ᠃

    ᠣᠯᠠᠨ ᠤᠯᠤᠰ ᠤᠨ ᠰᠤᠶᠤᠯ ᠤᠷᠠᠯᠢᠭ ᠤᠨ ᠡᠲᠡᠭᠡᠳ ᠦᠨ ᠴᠢᠬᠤᠯᠠ ᠬᠤᠷᠠᠯᠳᠤᠭᠠᠨ ᠪᠣᠯᠤᠭᠰᠠᠨ ᠳᠡᠯᠡᠬᠡᠢ ᠶᠢᠨ ᠤᠷᠠᠯᠢᠭ ᠤᠨ ᠲᠡᠦᠬᠡ ᠶᠢᠨ ᠶᠡᠬᠡ ᠬᠤᠷᠠᠯ ᠢ 4 ᠵᠢᠯ ᠳᠦ ᠨᠢᠭᠡ ᠤᠳᠠᠭ᠎ᠠ ᠬᠤᠷᠠᠯᠳᠤᠭᠤᠯᠵᠤ᠂ ᠨᠢᠬᠡᠳᠦᠭᠰᠡᠨ ᠦᠨᠳᠦᠰᠦᠨ ᠤ ᠪᠠᠶᠢᠭᠤᠯᠭ᠎ᠠ ᠶᠢᠨ ᠪᠤᠯᠪᠠᠰᠤᠷᠠᠯ ᠰᠢᠨᠵᠢᠯᠡᠬᠦ ᠤᠬᠠᠭᠠᠨ ᠰᠤᠶᠤᠯ ᠤᠨ ᠪᠠᠶᠢᠭᠤᠯᠭ᠎ᠠ ᠶᠢᠨ ᠬᠣᠯᠪᠣᠭ᠎ᠠ ᠠᠪᠬᠤ ᠪᠠᠶᠢᠭᠤᠯᠤᠮᠵᠢ ᠪᠠ ᠭᠣᠣᠯᠯᠠᠨ ᠡᠷᠬᠢᠯᠡᠬᠦ ᠤᠯᠤᠰ ᠠᠴᠠ ᠬᠠᠮᠲᠤᠷᠠᠨ ᠵᠣᠬᠢᠶᠠᠨ ᠪᠠᠶᠢᠭᠤᠯᠵᠤ ᠬᠢᠳᠡᠭ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119491338