蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠬᠤᠷᠢᠶᠠᠨ ᠤ ᠪᠠᠶᠢᠴᠠᠭᠠᠯᠳᠠ᠄ ᠠᠶᠤᠯ ᠨᠢᠭᠤᠭᠳᠠᠭᠰᠠᠨ ᠨᠡᠬᠦᠳᠡᠯ ᠤᠨ ᠠᠶᠠᠨ-ᠨᠤᠳᠤᠭ ᠨᠤᠳᠤᠭ ᠤᠨ ᠰᠢᠪᠠᠭᠤᠳ ᠨᠡᠬᠦᠳᠡᠯ ᠳᠤᠮᠳᠠ ᠪᠡᠨ ᠠᠩᠨᠠᠭᠳᠠᠵᠤ ᠪᠠᠶᠢᠭ᠎ᠠ ᠳᠤᠬᠠᠢ

2016-11-11 16:47

    ᠰᠢᠨᠬᠤᠧᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠳᠠᠷᠬᠠᠨ᠂ ᠢᠤᠢ ᠵᠢᠶᠠ) ᠦᠪᠦᠷ ᠮᠤᠩᠭᠤᠯ ᠳᠤ ᠬᠡᠳᠦᠨ ᠵᠠᠭᠤᠭᠠᠳ ᠬᠤᠨ ᠨᠡᠬᠦᠳᠡᠯ ᠤᠨ ᠠᠶᠠᠨ ᠳᠤ ᠪᠡᠨ ᠬᠠᠤᠯᠢ ᠪᠤᠰᠤ ᠪᠡᠷ ᠠᠩᠨᠠᠭᠳᠠᠭᠰᠠᠨ᠂ ᠬᠠᠷᠠᠮᠦ᠋ᠷᠡᠨ ᠳᠤ 23 ᠠᠶᠠᠨ ᠤ ᠰᠢᠪᠠᠭᠤ ᠬᠤᠤᠷᠳᠠᠭᠳᠠᠭᠰᠠᠨ᠂ ᠲᠢᠶᠠᠨᠵᠢᠨ ᠡᠾᠧᠪᠧᠢ ᠶᠢᠨ ᠠᠭᠤᠯᠵᠠᠷ ᠲᠤ ᠳᠦᠮᠡᠨ ᠮᠧᠲ᠋ᠷ ᠤᠨ ᠰᠢᠪᠠᠭᠤᠨ ᠤ ᠠᠩ ᠤᠨ ᠳᠤᠤᠷ ᠢᠯᠡᠷᠡᠭᠰᠡᠨ ᠁ ᠤᠶᠢᠷ᠎ᠠ ᠶᠢᠨ ᠬᠤᠭᠤᠴᠠᠭᠠᠨ ᠳᠤ ᠠᠶᠠᠨ ᠤ ᠰᠢᠪᠠᠭᠤᠳ ᠬᠠᠤᠯᠢ ᠪᠤᠰᠤ ᠪᠡᠷ ᠠᠩᠨᠠᠭᠳᠠᠭᠰᠠᠨ ᠬᠡᠷᠡᠭ ᠵᠠᠯᠭᠠᠪᠠᠷ ᠢᠯᠡᠷᠡᠵᠤ᠂ ᠨᠡᠶᠢᠬᠡᠮ ᠨᠡᠶᠢᠳᠡ ᠶᠢᠨ ᠬᠢᠨ ᠤ ᠠᠩᠬᠠᠷᠤᠯ ᠳᠤ ᠤᠷᠤᠭᠰᠠᠨ ᠪᠢᠯᠡ᠃ ᠤᠯᠤᠰ ᠡᠴᠡ ᠳᠤᠳᠤᠷᠬᠠᠢ ᠬᠤᠷᠢᠭ᠎ᠠ ᠴᠠᠭᠠᠵᠠ ᠳᠤᠭᠳᠠᠭᠠᠭᠰᠠᠨ ᠪᠠᠶᠢᠳᠠᠯ᠎ᠠ ᠬᠦᠮᠦᠰ ᠶᠠᠭᠠᠬᠢᠭᠠᠳ ᠬᠤᠯᠠᠭᠠᠢ ᠠᠪᠠ ᠬᠢᠬᠡᠳ ᠪᠠᠶᠢᠳᠠᠭ ᠪᠤᠢ ⁈

    ᠤᠶᠢᠷ᠎ᠠ ᠶᠢᠨ ᠬᠤᠭᠤᠴᠠᠭᠠᠨ ᠳᠤ ᠡᠬᠦᠰᠦᠭᠰᠡᠨ ᠠᠶᠠᠨ ᠤ ᠰᠢᠪᠠᠭᠤᠳ ᠢ ᠳᠤᠷᠠᠪᠠᠷ ᠠᠩᠨᠠᠬᠤ ᠬᠠᠤᠯᠢ ᠪᠤᠰᠤ ᠬᠡᠷᠡᠭ ᠲᠤ ᠬᠠᠨᠳᠤᠭᠤᠯᠤᠨ ᠳᠤᠳᠤᠭᠠᠳᠤ ᠶᠢ ᠬᠠᠮᠠᠭᠠᠯᠠᠬᠤ᠂ ᠤᠢ ᠰᠢᠭᠤᠢ ᠶᠢᠨ ᠦᠢᠯᠡᠰ᠂ ᠵᠠᠮ ᠳᠡᠬᠡᠬᠡᠪᠦᠷᠢ ᠵᠡᠷᠬᠡ ᠰᠠᠯᠪᠤᠷᠢ ᠬᠠᠮᠳᠤᠷᠠᠨ ᠠᠶᠠᠨ ᠤ ᠰᠢᠪᠠᠭᠤ ᠮᠡᠳᠦ ᠶᠢᠨ ᠬᠡᠬᠡᠷ᠎ᠡ ᠶᠢᠨ ᠠᠮᠢᠳᠠᠨ ᠢ ᠬᠠᠤᠯᠢ ᠪᠤᠰᠤ ᠪᠡᠷ ᠠᠩᠨᠠᠵᠤ ᠬᠤᠳᠠᠯᠳᠤᠭᠠᠯᠠᠬᠤ ᠠᠵᠢᠯᠯᠠᠭᠠᠨ ᠳᠤ ᠴᠤᠬᠢᠯᠳᠠ ᠦᠭᠴᠤ᠂ ᠳᠦᠷᠦ ᠵᠠᠰᠠᠭ ᠡᠴᠡ ᠡᠨᠡ ᠳᠠᠯ᠎ᠠ ᠶᠢᠨ ᠶᠠᠯᠠᠳᠤ ᠠᠵᠢᠯᠯᠠᠭ᠎ᠠ ᠶᠢ ᠡᠷᠡᠰ ᠳᠡᠪᠴᠢᠬᠦ ᠳᠤᠬᠢᠶ᠎ᠠ ᠶᠢ ᠳᠤᠩᠬᠠᠭᠯᠠᠯ᠎ᠠ᠃

    ᠠᠶᠠᠨ ᠤ ᠰᠢᠪᠠᠭᠤᠳ ᠬᠤᠯᠠᠭᠠᠢ ᠠᠩᠴᠢᠨ ᠤ ᠭᠠᠷ ᠲᠤ ᠬᠦᠨᠦᠬᠡᠭᠳᠡᠭᠰᠡᠬᠡᠷ

    ᠡᠨᠡ ᠵᠢᠯ ᠤᠨ 10 ᠰᠠᠷ᠎ᠠ ᠶᠢᠨ ᠰᠡᠬᠦᠯᠴᠢ ᠪᠡᠷ᠂ ᠦᠪᠦᠷ ᠮᠤᠩᠭᠤᠯ ᠤᠨ ᠰᠢᠯᠢ ᠶᠢᠨ ᠭᠤᠤᠯ ᠤᠨ ᠳᠠᠯ᠎ᠠ ᠨᠤᠳᠤᠭ ᠢᠶᠡᠷ ᠨᠡᠬᠦᠳᠡᠯᠯᠡᠨ ᠦᠩᠬᠡᠷᠡᠬᠦ ᠬᠤᠨ ᠤ ᠰᠦᠷᠦᠭ ᠬᠤᠨᠳᠤ ᠨᠠᠭᠤᠷ ᠤᠨ ᠬᠦᠪᠡᠬᠡᠨ ᠳᠤ ᠬᠤᠤᠷᠳᠠᠭᠳᠠᠵᠤ᠂ ᠳᠦᠷᠦ ᠶᠢᠨ ᠬᠤᠶᠠᠳᠤᠭᠠᠷ ᠵᠡᠷᠬᠡᠯᠡᠯ ᠤᠨ ᠬᠠᠮᠠᠭᠠᠯᠠᠯᠳᠠ ᠲᠠᠢ 259 ᠠᠮᠢ ᠡᠶᠢᠨᠬᠦ ᠬᠤᠷᠤᠭᠠᠭᠳᠠᠯ᠎ᠠ᠃

    ᠮᠦᠨ ᠡᠨᠡ ᠵᠢᠯ ᠤᠨ 3 ᠰᠠᠷ᠎ᠠ ᠳᠤ᠂ ᠬᠠᠷᠠᠮᠦ᠋ᠷᠡᠨ ᠮᠤᠵᠢ ᠶᠢᠨ ᠪᠤᠤ ᠴᠢᠩ ᠳ᠋ᠦᠩ ᠱᠧᠩ ᠪᠠᠶᠢᠭᠠᠯᠢ ᠶᠢᠨ ᠬᠠᠮᠠᠭᠠᠯᠠᠯᠳᠠ ᠶᠢᠨ ᠪᠦᠰᠡ ᠳᠤ 23 ᠠᠶᠠᠨ ᠤ ᠰᠢᠪᠠᠭᠤ ᠬᠤᠤᠷᠳᠠᠭᠳᠠᠪᠠ᠃ ᠡᠬᠦᠨ ᠡᠴᠡ ᠡᠮᠦᠨᠡᠬᠡᠨ᠂ ᠲᠢᠶᠠᠨᠵᠢᠨ ᠡᠾᠧᠪᠧᠢ ᠶᠢᠨ ᠠᠭᠤᠯᠵᠠᠷ ᠲᠤ ᠳᠦᠮᠡᠨ ᠮᠧᠲ᠋ᠷ ᠤᠨ ᠰᠢᠪᠠᠭᠤᠨ ᠤ ᠠᠩ ᠤᠨ ᠳᠤᠤᠷ ᠢᠯᠡᠷᠡᠵᠤ᠂ ᠡᠨᠡᠬᠦᠷ ᠦᠩᠬᠡᠷᠡᠬᠦ ᠴᠦᠬᠡᠨ ᠪᠤᠰᠤ ᠠᠶᠠᠨ ᠤ ᠰᠢᠪᠠᠭᠤ ᠳᠤᠤᠷ ᠲᠤ ᠤᠨᠠᠪᠠ᠃

    ᠡᠨᠡ ᠵᠢᠯ ᠤᠨ 9 ᠰᠠᠷ᠎ᠠ ᠳᠤ᠂ ᠡᠾᠧᠪᠧᠢ ᠮᠤᠵᠢ ᠶᠢᠨ ᠳᠠᠩᠱᠠᠨ ᠤ ᠤᠢ ᠰᠢᠭᠤᠢ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢᠬᠡᠨ ᠰᠢᠪᠠᠭᠤ ᠠᠷᠠᠯᠵᠢᠶᠠᠯᠠᠭᠴᠢᠳ ᠤᠨ ᠡᠬᠦᠷ ᠢ ᠢᠯᠡᠷᠡᠬᠦᠯᠪᠡ᠃ ᠳᠡᠳᠡᠨᠡᠷ ᠤᠨ ᠳᠡᠵᠢᠬᠡᠨ ᠦᠷᠡᠵᠢᠬᠦᠯᠬᠦ ᠪᠦᠰᠡ ᠳᠡᠬᠢ 51 ᠮᠦᠷ᠂ 8 ᠳᠠᠪᠬᠤᠷ ᠦᠨᠳᠦᠷ ᠰᠢᠪᠠᠭᠤᠨ ᠤ ᠰᠢᠩᠬᠡᠯᠢᠭ᠌ ᠲᠤ ᠰᠢᠷ᠎ᠠ ᠴᠡᠬᠡᠵᠢᠳᠦ ᠠᠵᠠᠷᠭ᠎ᠠ᠂ ᠰᠢᠷ᠎ᠠ ᠬᠦᠮᠦᠰᠬᠡᠳᠦ ᠠᠵᠠᠷᠭ᠎ᠠ᠂ ᠬᠦᠷᠡᠩ ᠠᠵᠠᠷᠭ᠎ᠠ᠂ ᠤᠯᠠᠭᠠᠨ ᠪᠤᠵᠢᠷᠭ᠎ᠠ ᠵᠡᠷᠬᠡ 3.6 ᠳᠦᠮᠡᠨ ᠬᠤᠪᠤᠷ ᠴᠤᠬᠠᠭ ᠠᠶᠠᠨ ᠤ ᠰᠢᠪᠠᠭᠤ ᠬᠤᠷᠢᠭᠳᠠᠵᠤ ᠪᠠᠶᠢᠯ᠎ᠠ᠃

    ᠡᠨᠡᠬᠦ ᠳᠠᠪᠠᠷᠠᠮᠠᠳᠠᠭᠠᠢ ᠪᠠᠶᠢᠳᠠᠯ ᠳᠤ ᠬᠠᠨᠳᠤᠭᠤᠯᠤᠨ ᠤᠯᠤᠰ ᠤᠨ ᠤᠢ ᠰᠢᠭᠤᠢ ᠶᠢᠨ ᠳᠤᠪᠴᠢᠶ᠎ᠠ 10 ᠰᠠᠷ᠎ᠠ ᠶᠢᠨ 18 ᠤ ᠡᠳᠦᠷ ᠤᠯᠤᠰ ᠲᠠᠶᠠᠭᠠᠷ ᠤᠨ ᠬᠡᠮᠵᠢᠶᠡᠨ ᠳᠤ 40 ᠡᠳᠦᠷ ᠤᠨ ᠬᠤᠭᠤᠴᠠᠭ᠎ᠠ ᠲᠠᠢ ᠴᠡᠭᠴᠡᠯᠡᠬᠦ ᠠᠵᠢᠯᠯᠠᠭ᠎ᠠ ᠵᠤᠬᠢᠶᠠᠨ ᠪᠠᠶᠢᠭᠤᠯᠪᠠ᠃ ᠳᠠᠷᠠᠭ᠎ᠠ ᠪᠡᠷ ᠨᠢ᠂ ᠤᠯᠤᠰ ᠤᠨ ᠤᠢ ᠰᠢᠭᠤᠢ ᠶᠢᠨ ᠳᠤᠪᠴᠢᠶ᠎ᠠ᠂ ᠳᠦᠪ ᠤᠨ ᠢᠨᠲ᠋ᠧᠷᠨᠧᠲ ᠰᠤᠷᠠᠭ ᠵᠠᠩᠬᠢ ᠶᠢᠨ ᠠᠯᠪᠠᠨ ᠬᠡᠷ᠂ ᠳᠤᠳᠤᠭᠠᠳᠤ ᠶᠢ ᠬᠠᠮᠠᠭᠠᠯᠠᠬᠤ ᠶᠠᠮᠤᠨ᠂ ᠵᠡᠮ ᠳᠡᠬᠡᠬᠡᠪᠦᠷᠢ ᠶᠢᠨ ᠶᠠᠮᠤᠨ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠳᠤᠪᠴᠢᠶ᠎ᠠ ᠵᠡᠷᠬᠡ 7 ᠪᠠᠶᠢᠭᠤᠯᠭ᠎ᠠ 11 ᠰᠠᠷ᠎ᠠ ᠶᠢᠨ ᠡᠬᠢᠨ ᠢᠶᠡᠷ ᠬᠠᠮᠳᠤᠷᠠᠭᠰᠠᠨ ᠪᠠᠴᠢᠮ ᠮᠡᠳᠡᠭᠳᠡᠯ ᠳᠠᠷᠬᠠᠭᠠᠵᠤ᠂ ᠠᠶᠠᠨ ᠤ ᠰᠢᠪᠠᠭᠤ ᠮᠡᠳᠦ ᠶᠢᠨ ᠬᠡᠬᠡᠷ᠎ᠡ ᠶᠢᠨ ᠠᠮᠢᠳᠠᠨ ᠢ ᠬᠠᠤᠯᠢ ᠪᠤᠰᠤ ᠪᠡᠷ ᠠᠩᠨᠠᠵᠤ ᠬᠤᠳᠠᠯᠳᠤᠭᠠᠯᠠᠬᠤ ᠠᠵᠢᠯᠯᠠᠭ᠎ᠠ ᠶᠢ ᠡᠷᠡᠰ ᠬᠤᠷᠢᠭᠯᠠᠨ᠎ᠠ ᠬᠡᠵᠡᠢ᠃

    ᠤᠯᠤᠰ ᠤᠨ ᠤᠢ ᠰᠢᠭᠤᠢ ᠶᠢᠨ ᠳᠤᠪᠴᠢᠶ᠎ᠠ ᠶᠢᠨ ᠬᠠᠮᠢᠶᠠᠳᠠᠢ ᠬᠠᠷᠢᠭᠤᠴᠠᠯᠭᠠᠳᠠᠨ᠂ ᠠᠶᠠᠨ ᠤ ᠰᠢᠪᠠᠭᠤ ᠵᠡᠷᠬᠡ ᠬᠡᠬᠡᠷ᠎ᠡ ᠶᠢᠨ ᠠᠮᠢᠳᠠᠨ ᠤ ᠬᠠᠮᠠᠭᠠᠯᠠᠯᠳᠠ ᠶᠢᠨ ᠴᠢᠬᠤᠯᠠ ᠪᠦᠰᠡ ᠪᠤᠯᠤᠨ ᠤᠷᠤᠨ ᠨᠤᠳᠤᠭ ᠤᠨ ᠵᠠᠰᠠᠭ ᠤᠨ ᠭᠠᠵᠠᠷ ᠲᠠᠢ ᠬᠠᠮᠠᠭᠠᠯᠠᠯᠳᠠ ᠶᠢᠨ ᠬᠠᠷᠢᠭᠤᠴᠠᠯᠭ᠎ᠠ ᠶᠢᠨ ᠬᠡᠯᠡᠯᠴᠡᠬᠡᠷ ᠤᠨ ᠪᠢᠴᠢᠭ ᠪᠠᠶᠢᠭᠤᠯᠵᠤ᠂ ᠬᠠᠷᠠᠯᠳᠠ ᠳᠤᠭᠳᠠᠭᠠᠨ᠂ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠬᠦᠢᠴᠡᠳ ᠳᠤᠤᠱᠯᠠᠭᠤᠯᠤᠭᠰᠠᠨ ᠦᠬᠡᠢ ᠪᠠ ᠦᠢᠯᠡ ᠠᠵᠢᠯᠯᠠᠭ᠎ᠠ ᠨᠢ ᠡᠷᠴᠢ ᠦᠬᠡᠢ ᠳᠤᠬᠢᠶᠠᠯᠳᠤᠯ ᠳᠤ ᠪᠤᠯᠵᠤᠵᠤ ᠶᠠᠷᠢᠯᠴᠠᠬᠤ ᠪᠤᠶᠤ ᠬᠡᠷᠡᠭ ᠢ ᠨᠢ ᠢᠯᠡᠴᠢᠯᠡᠵᠤ᠂ ᠦᠢᠯᠡ ᠠᠵᠢᠯᠯᠠᠭᠠᠨ ᠤ ᠶᠠᠪᠤᠴᠠ ᠳᠤ ᠬᠠᠷᠢᠭᠤᠴᠠᠯᠭ᠎ᠠ ᠠᠯᠳᠠᠭᠰᠠᠨ᠂ ᠳᠤᠰᠢᠶᠠᠯ ᠢᠶᠡᠨ ᠴᠠᠯᠠᠭᠠᠷᠳᠠᠭᠤᠯᠤᠭᠰᠠᠨ ᠵᠡᠷᠬᠡ ᠶᠢ ᠴᠢᠩᠭ᠎ᠠ ᠬᠢᠨᠠᠨ ᠰᠢᠯᠭᠠᠨ᠎ᠠ ᠬᠡᠵᠡᠢ᠃

    ᠬᠠᠤᠯᠢ ᠪᠤᠰᠤ ᠠᠩᠨᠠᠯ ᠤᠨ ᠠᠷᠤ ᠳ᠋ᠡᠬᠢ 《ᠬᠠᠷ᠎ᠠ ᠰᠠᠪᠠᠷ》

    ᠠᠶᠠᠨ ᠤ ᠰᠢᠪᠠᠭᠤᠳ ᠤᠯᠠᠷᠢᠯ ᠳᠠᠭᠠᠵᠤ ᠨᠡᠬᠦᠳᠡᠯᠯᠡᠳᠡᠭ᠃ ᠳᠡᠬᠡᠬᠦ ᠳᠤ ᠪᠡᠨ ᠤᠯᠠᠩᠬᠢ ᠰᠢᠪᠠᠭᠤᠳ ᠤᠨ ᠠᠶᠠᠨ ᠤ ᠴᠠᠭ ᠬᠤᠭᠤᠴᠠᠭ᠎ᠠ ᠬᠢᠬᠡᠳ ᠵᠠᠮ ᠮᠦᠷ ᠨᠢ ᠳᠤᠭᠳᠠᠮᠠᠯ ᠪᠠᠶᠢᠳᠠᠭ᠃ ᠡᠨᠡ ᠨᠢ ᠬᠤᠯᠠᠭᠠᠢ ᠠᠩᠴᠢᠨ ᠳᠤ ᠨᠢᠬᠡ ᠶᠤᠰᠤᠨ ᠤ ᠳᠤᠬᠢᠶᠠᠯ ᠬᠠᠩᠭᠠᠵᠠᠢ᠃ ᠬᠡᠳᠦᠶᠢᠪᠡᠷ ᠴᠦᠬᠡᠨ ᠪᠤᠰᠤ ᠤᠷᠤᠨ ᠨᠤᠳᠤᠭ ᠬᠠᠤᠯᠢ ᠬᠡᠷᠡᠭᠵᠢᠬᠦᠯᠬᠦ ᠬᠦᠴᠦᠨ ᠢᠶᠡᠨ ᠴᠢᠩᠭᠠᠳᠬᠠᠭᠰᠠᠨ ᠪᠤᠯᠪᠠᠴᠤ᠂ ᠬᠡᠬᠡᠷ᠎ᠡ ᠶᠢᠨ ᠵᠢᠬᠦᠷᠳᠡᠨ ᠠᠷᠢᠶᠠᠳᠠᠨ ᠤ ᠵᠠᠬ᠎ᠠ ᠵᠡᠬᠡᠯᠢ ᠳ᠋ᠡᠬᠢ ᠬᠠᠤᠯᠢ ᠪᠤᠰᠤ ᠬᠤᠳᠠᠯᠳᠤᠭᠠᠨ ᠤ ᠮᠤᠨᠳᠠᠭ ᠠᠰᠢᠭ ᠤᠷᠤᠯᠭ᠎ᠠ ᠶᠢᠨ ᠦᠨᠳᠦᠰᠦ ᠳᠡᠳᠡᠨᠡᠷ ᠤᠨ ᠵᠦᠭ ᠬᠠᠷ᠎ᠠ ᠰᠠᠪᠠᠷ ᠰᠤᠩᠭᠠᠭᠠᠯᠭᠠᠵᠠᠢ᠃

    《ᠬᠠᠤᠯᠢ ᠪᠤᠰᠤ ᠬᠤᠳᠠᠯᠳᠤᠭ᠎ᠠ ᠨᠢ ᠴᠤ ᠵᠠᠬ᠎ᠠ ᠵᠡᠬᠡᠯᠢ ᠶᠢᠨ ᠱᠠᠭᠠᠷᠳᠠᠯᠭ᠎ᠠ ᠳᠡᠬᠡᠷ᠎ᠡ ᠦᠨᠳᠦᠰᠦᠯᠡᠳᠡᠭ᠃ ᠨᠤᠳᠤᠭ ᠨᠤᠳᠤᠭ ᠤᠨ ᠬᠦᠳᠡᠬᠡ ᠠᠵᠤ ᠠᠬᠤᠢ ᠶᠢᠨ ᠵᠠᠬ᠎ᠠ᠂ ᠴᠡᠴᠡᠭ ᠵᠢᠮᠢᠰ ᠵᠢᠬᠦᠷᠳᠡᠨ ᠠᠷᠢᠶᠠᠳᠠᠨ ᠤ ᠵᠠᠬ᠎ᠠ᠂ ᠬᠤᠳᠠ ᠪᠠᠯᠭᠠᠰᠤᠨ ᠤ ᠬᠡᠬᠡᠷ᠎ᠡ ᠶᠢᠨ ᠠᠮᠳᠠᠳᠤ ᠬᠤᠭᠤᠯᠠᠨ ᠤ ᠭᠠᠵᠠᠷ ᠵᠡᠷᠬᠡ ᠨᠢ ᠴᠦᠮ ᠬᠤᠯᠠᠭᠠᠢ ᠠᠪᠠᠴᠢᠨ ᠤ ᠠᠷᠤ ᠳ᠋ᠡᠬᠢ ᠮᠤᠨᠳᠠᠭ ᠶᠡᠬᠡ ᠡᠳ᠋ ᠤᠨ ᠵᠠᠰᠠᠭ ᠤᠨ ᠠᠰᠢᠭ ᠤᠷᠤᠯᠭ᠎ᠠ ᠶᠢᠨ ᠦᠳᠦᠬᠡᠯᠬᠡ ᠪᠤᠯᠤᠭᠰᠠᠨ ᠪᠠᠶᠢᠨ᠎ᠠ》 ᠬᠡᠵᠤ ᠡᠾᠧᠪᠧᠢ ᠮᠤᠵᠢ ᠶᠢᠨ ᠳᠠᠩᠱᠠᠨ ᠬᠤᠳᠠ ᠶᠢᠨ ᠲᠢᠶᠠᠨ ᡁᠢ ᠸᠧᠢ ᠰᠤᠷᠪᠤᠯᠵᠢᠯᠠᠭᠴᠢ ᠳᠤ ᠶᠠᠷᠢᠯ᠎ᠠ᠃

    ᠬᠠᠯᠢᠭᠤᠨ ᠭᠠᠯᠠᠭᠤ᠂ ᠬᠡᠬᠡᠷ᠎ᠡ ᠶᠢᠨ ᠨᠤᠭᠤᠰᠤ᠂ ᠬᠤᠨ ᠭᠠᠯᠠᠬᠤ ᠵᠡᠷᠬᠡ ᠰᠢᠪᠠᠭᠤᠳ ᠤᠨ ᠶᠡᠬᠡᠩᠬᠢ ᠶᠢ ᠬᠤᠭᠤᠯᠠ ᠤᠮᠳᠠ ᠳᠤ ᠤᠷᠤᠭᠤᠯᠳᠠᠭ ᠪᠤᠯ ᠳᠤᠬᠰᠢᠨ ᠠᠷᠢᠶᠠᠳᠠᠨ ᠤ ᠰᠢᠨᠵᠢᠳᠡᠢ ᠰᠢᠪᠠᠭᠤᠳ ᠢᠶᠡᠷ ᠰᠢᠪᠠᠭᠤᠨ ᠤ ᠵᠠᠭᠪᠤᠷ ᠬᠢᠳᠡᠭ᠃ ᠡᠬᠦᠨ ᠡᠴᠡ ᠭᠠᠳᠠᠨ᠎ᠠ᠂ ᠠᠶᠠᠨ ᠤ ᠰᠢᠪᠠᠭᠤ ᠬᠠᠤᠯᠢ ᠪᠤᠰᠤ ᠪᠡᠷ ᠠᠩᠨᠠᠭᠳᠠᠵᠤ ᠪᠠᠶᠢᠭ᠎ᠠ ᠦᠵᠡᠭᠳᠡᠯ ᠨᠢ ᠵᠠᠷᠢᠮ ᠵᠠᠰᠠᠭ ᠤᠨ ᠭᠠᠵᠠᠷ ᠤᠨ ᠬᠠᠤᠯᠢ ᠬᠡᠷᠡᠭᠵᠢᠬᠦᠯᠬᠦ ᠬᠦᠴᠦᠨ ᠡᠷᠴᠢ ᠦᠬᠡᠢ ᠪᠠᠶᠢᠭ᠎ᠠ ᠶᠢᠨ ᠢᠯᠡᠷᠡᠯ᠂ ᠬᠡᠬᠡᠷ᠎ᠡ ᠶᠢᠨ ᠠᠮᠢᠳᠠᠨ ᠢ ᠬᠠᠮᠠᠭᠠᠯᠠᠬᠤ ᠠᠵᠢᠯ ᠡᠬᠦᠷᠬᠡ ᠶᠢ ᠰᠠᠶᠢᠳᠤᠷ ᠬᠦᠢᠴᠡᠳᠬᠡᠵᠤ ᠦᠬᠡᠢ ᠶᠢᠨ ᠢᠯᠡᠷᠡᠯ ᠶᠤᠮ᠃ ᠵᠠᠷᠢᠮ ᠤᠷᠤᠨ ᠨᠤᠳᠤᠭ ᠤᠨ ᠬᠠᠤᠯᠢ ᠬᠡᠷᠡᠭᠵᠢᠬᠦᠯᠬᠦ ᠪᠠᠶᠢᠭᠤᠯᠤᠯᠭ᠎ᠠ ᠶᠢᠨ ᠬᠠᠷᠢᠭᠤᠴᠠᠯᠭ᠎ᠠ ᠡᠬᠦᠷᠬᠡᠯᠡᠬᠦ ᠤᠬᠠᠮᠰᠠᠷ ᠳᠤᠳᠠᠮᠠᠭ᠂ ᠠᠶᠠᠨ ᠤ ᠰᠢᠪᠠᠭᠤ ᠶᠢ ᠬᠠᠮᠠᠭᠠᠯᠠᠬᠤ ᠨᠢ ᠵᠦᠪᠬᠡᠨ ᠤᠢ ᠰᠢᠭᠤᠢ ᠶᠢᠨ ᠪᠠᠶᠢᠭᠤᠯᠤᠯᠭ᠎ᠠ ᠶᠢᠨ ᠬᠠᠷᠢᠭᠤᠴᠠᠯᠭ᠎ᠠ ᠬᠡᠵᠤ ᠦᠵᠡᠳᠡᠭ᠂ ᠬᠠᠷᠢᠨ ᠳᠤᠳᠤᠭᠠᠳᠤ ᠶᠢ ᠬᠠᠮᠠᠭᠠᠯᠠᠬᠤ᠂ ᠵᠠᠮ ᠳᠡᠬᠡᠬᠡᠪᠦᠷᠢ᠂ ᠦᠢᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠨᠤᠭᠤᠳ ᠤᠨ ᠬᠠᠮᠳᠤ ᠶᠢᠨ ᠬᠠᠷᠢᠭᠤᠴᠠᠯᠭ᠎ᠠ ᠬᠡᠵᠤ ᠦᠵᠡᠬᠦ ᠦᠬᠡᠢ ᠪᠠᠶᠢᠨ᠎ᠠ ᠬᠡᠵᠤ ᠵᠠᠷᠢᠮ ᠮᠡᠷᠬᠡᠵᠢᠯᠳᠡᠳ ᠤᠨ ᠦᠵᠡᠵᠤ ᠪᠤᠢ᠃

    ᠮᠦᠭᠳᠡᠨ ᠤ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠶᠡᠬᠡ ᠰᠤᠷᠭᠠᠭᠤᠯᠢ ᠶᠢᠨ ᠠᠮᠢ ᠠᠬᠤᠢ ᠶᠢᠨ ᠤᠷᠴᠢᠨ ᠢ ᠰᠤᠳᠤᠯᠬᠤ ᠳᠠᠰᠤᠭ ᠤᠨ ᠡᠷᠬᠢᠯᠡᠭᠴᠢ ᠵᠧᠤ ᠬᠠᠢ ᠰᠢᠶᠠᠩ ᠤᠨ ᠦᠵᠡᠬᠦ ᠪᠡᠷ᠂ ᠳᠤᠤᠷ ᠪᠤᠶᠤ ᠬᠠᠪᠬ᠎ᠠ ᠳᠠᠯᠪᠢᠭᠠᠳ ᠠᠩ ᠠᠮᠢᠳᠠᠨ ᠪᠠᠷᠢᠵᠤ ᠴᠢᠳᠠᠭᠰᠠᠨ ᠦᠬᠡᠢ ᠳᠤᠬᠢᠶᠠᠯᠳᠤᠯ ᠳᠤ ᠬᠠᠤᠯᠢ ᠤᠨ ᠬᠠᠷᠢᠭᠤᠴᠠᠯᠬ᠎ᠠ ᠨᠡᠬᠡᠮᠵᠢᠯᠡᠬᠦ ᠶᠢᠨ ᠠᠷᠭ᠎ᠠ ᠦᠬᠡᠢ ᠬᠡᠳᠡᠭ᠂ ᠦᠨᠡᠨᠳᠡᠬᠡᠨ ᠡᠨᠡ ᠨᠢ ᠶᠤᠰᠤᠨ ᠳᠤ ᠨᠡᠶᠢᠴᠡᠬᠦ ᠦᠬᠡᠢ᠃ ᠵᠠᠬ᠎ᠠ ᠵᠡᠬᠡᠯᠢ ᠳᠡᠬᠡᠷ᠎ᠡ ᠭᠠᠷᠤᠭᠰᠠᠭᠠᠷ ᠦᠢᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠨᠢ ᠬᠡᠬᠡᠷ᠎ᠡ ᠶᠢᠨ ᠠᠮᠢᠳᠠᠨ ᠤ ᠬᠠᠮᠠᠭᠠᠯᠠᠯᠳᠠ ᠤᠢ ᠰᠢᠭᠤᠢ ᠶᠢᠨ ᠪᠠᠶᠢᠭᠤᠯᠤᠯᠭ᠎ᠠ ᠳᠤ ᠬᠠᠮᠢᠶᠠᠷᠤᠭᠳᠠᠳᠠᠭ᠂ ᠪᠢᠳᠡᠨ ᠳᠤ ᠬᠠᠮᠢᠶᠠᠷᠤᠭᠳᠠᠬᠤ ᠦᠬᠡᠢ ᠬᠡᠳᠡᠭ᠃ ᠬᠡᠪᠡᠴᠤ ᠤᠢ ᠰᠢᠭᠤᠢ ᠶᠢᠨ ᠪᠠᠶᠢᠭᠤᠯᠤᠯᠭ᠎ᠠ ᠨᠢ ᠵᠠᠬ᠎ᠠ ᠵᠡᠬᠡᠯᠢ ᠶᠢ ᠬᠠᠮᠢᠶᠠᠷᠬᠤ ᠡᠷᠬᠡ ᠦᠬᠡᠢ᠂ ᠳᠡᠳᠡ ᠵᠦᠪᠬᠡᠨ ᠬᠤᠯᠠᠭᠠᠢ ᠪᠡᠷ ᠠᠪᠠᠯᠠᠬᠤ ᠦᠶ᠎ᠡ ᠳᠤ ᠯᠡ ᠶᠠᠯᠠᠳᠠᠨ ᠢ ᠪᠠᠷᠢᠪᠴᠢᠯᠠᠬᠤ ᠡᠷᠬᠡ ᠲᠠᠢ᠃

    ᠮᠡᠷᠬᠡᠵᠢᠯᠳᠡᠳ ᠤᠨ ᠰᠤᠳᠤᠯᠤᠭᠰᠠᠨ ᠢᠶᠡᠷ᠂ ᠡᠳᠡᠬᠡᠷ ᠬᠤᠯᠠᠭᠠᠢ ᠠᠪᠠᠴᠢᠳ ᠤᠨ ᠠᠷᠤ ᠳᠤ ᠬᠠᠤᠯᠢ ᠪᠤᠰᠤ ᠬᠤᠳᠠᠯᠳᠤᠭ᠎ᠠ᠂ ᠳᠡᠬᠡᠬᠡᠪᠦᠷᠢᠯᠡᠯᠳᠡ᠂ ᠬᠤᠭᠤᠯᠠ ᠬᠦᠨᠡᠰᠦᠨ ᠳᠤ ᠳᠤᠷᠠᠪᠠᠷ ᠠᠰᠢᠭᠯᠠᠬᠤ ᠵᠡᠷᠬᠡ ᠠᠰᠢᠭ ᠳᠤᠰᠠ ᠶᠢᠨ ᠬᠡᠯᠬᠢᠶ᠎ᠡ ᠤᠷᠤᠰᠢᠵᠤ ᠪᠤᠢ᠃

    ᠰᠤᠷᠪᠤᠯᠵᠢᠯᠠᠭᠴᠢ ᠶᠢᠨ ᠪᠠᠶᠢᠴᠠᠭᠠᠭᠰᠠᠨ ᠢᠶᠡᠷ᠂ ᠵᠠᠷᠢᠮ ᠤᠷᠤᠨ ᠨᠤᠳᠤᠭ ᠲᠤ ᠬᠠᠤᠯᠢ ᠪᠤᠰᠤ ᠪᠡᠷ ᠠᠩᠨᠠᠭᠰᠠᠨ ᠠᠶᠠᠨ ᠤ ᠰᠢᠪᠠᠭᠤ ᠪᠦᠷᠢ ᠶᠢ 15 ᠳᠦᠬᠦᠷᠢᠭ᠌ ᠭᠠᠷᠤᠢ ᠪᠡᠷ ᠬᠤᠳᠠᠯᠳᠤᠨ ᠠᠪᠴᠤ᠂ ᠵᠠᠬ᠎ᠠ ᠵᠡᠬᠡᠯᠢ ᠳᠡᠬᠡᠷ᠎ᠡ 30 ᠳᠦᠬᠦᠷᠢᠭ᠌ ᠭᠠᠷᠤᠢ ᠪᠡᠷ ᠬᠤᠳᠠᠯᠳᠤᠵᠤ ᠪᠠᠶᠢᠨ᠎ᠠ᠃ ᠳᠠᠬᠢᠭᠠᠳ ᠬᠤᠭᠤᠯᠠ ᠬᠦᠨᠡᠰᠦᠨ ᠳᠤ ᠤᠷᠤᠭᠰᠠᠨ ᠤ ᠳᠠᠷᠠᠭ᠎ᠠ ᠪᠠᠷᠤᠭ 100 ᠳᠦᠬᠦᠷᠢᠭ᠌ ᠬᠦᠷᠴᠤ ᠪᠤᠢ᠃ ᠬᠠᠷᠢᠨ ᠰᠢᠪᠠᠭᠤᠨ ᠤ ᠵᠠᠭᠪᠤᠷ ᠪᠤᠶᠤ ᠠᠮᠢᠳᠤ ᠰᠢᠪᠠᠭᠤᠨ ᠤ ᠵᠠᠬ᠎ᠠ ᠳᠡᠬᠡᠷ᠎ᠡ ᠭᠠᠷᠪᠠᠯ ᠡᠬᠦᠨ ᠡᠴᠡ ᠬᠤᠯᠠ ᠦᠨᠡᠳᠡᠢ ᠪᠤᠯᠳᠠᠭ᠃ ᠡᠶᠢᠮᠤ ᠡᠴᠡ ᠦᠨᠳᠦᠷ ᠠᠰᠢᠭ ᠤᠷᠤᠯᠭ᠎ᠠ ᠨᠢ ᠬᠦᠮᠦᠰ ᠤᠨ ᠬᠠᠤᠯᠢ ᠪᠤᠰᠤ ᠠᠩᠨᠠᠯ ᠬᠢᠵᠤ ᠪᠠᠶᠢᠭ᠎ᠠ ᠶᠢᠨ ᠦᠨᠳᠦᠰᠦ ᠰᠢᠯᠳᠠᠭᠠᠨ ᠪᠤᠯᠵᠠᠢ᠃

    ᠠᠶᠠᠨ ᠤ ᠰᠢᠪᠠᠭᠤᠳ ᠢ ᠬᠠᠮᠠᠭᠠᠯᠠᠬᠤ ᠳᠤ ᠬᠠᠮᠳᠤ ᠶᠢᠨ ᠴᠢᠷᠮᠠᠶᠢᠯᠭ᠎ᠠ ᠬᠡᠷᠡᠭᠳᠡᠢ

    ᠠᠶᠠᠨ ᠤ ᠰᠢᠪᠠᠭᠤᠳ ᠢ ᠬᠠᠮᠠᠭᠠᠯᠠᠬᠤ ᠳᠤ ᠬᠠᠤᠯᠢ ᠬᠡᠷᠡᠭᠵᠢᠬᠦᠯᠬᠦ ᠬᠦᠴᠦᠨ ᠢᠶᠡᠨ ᠤᠯᠠᠮ ᠡᠷᠴᠢᠮᠵᠢᠬᠦᠯᠬᠦ᠂ ᠬᠠᠮᠢᠶᠠᠳᠠᠢ ᠬᠠᠤᠯᠢ ᠳᠦᠷᠢᠮ ᠢ ᠳᠡᠬᠦᠯᠳᠡᠷᠵᠢᠬᠦᠯᠬᠦ ᠳᠤ ᠳᠦᠰᠢᠭᠯᠡᠬᠦ ᠳᠡᠳᠦᠢ ᠦᠬᠡᠢ ᠤᠨᠴᠠᠭᠠᠶᠢᠯᠠᠨ ᠨᠡᠶᠢᠬᠡᠮ ᠲᠠᠶᠠᠭᠠᠷ ᠤᠨ ᠠᠩᠬᠠᠷᠤᠯ ᠪᠤᠯᠤᠨ ᠳᠤᠰᠠᠯᠠᠯᠴᠠᠭ᠎ᠠ ᠳᠤ ᠳᠦᠰᠢᠭᠯᠡᠨ᠎ᠡ ᠬᠡᠵᠤ ᠮᠡᠷᠬᠡᠵᠢᠯᠳᠡᠳ ᠦᠵᠡᠵᠤ ᠪᠤᠢ᠃

    《ᠬᠠᠤᠯᠢ ᠬᠡᠷᠡᠭᠵᠢᠬᠦᠯᠬᠦ ᠬᠦᠴᠦᠨ ᠢᠶᠡᠨ ᠤᠯᠠᠮ ᠡᠷᠴᠢᠮᠵᠢᠬᠦᠯᠵᠤ᠂ ᠬᠤᠯᠠᠭᠠᠢ ᠪᠡᠷ ᠠᠪᠠᠯᠠᠭᠤ ᠶᠢ ᠬᠤᠷᠢᠭᠯᠠᠬᠤ ᠳᠤ ᠤᠷᠤᠨ ᠨᠤᠳᠤᠭ ᠤᠨ ᠵᠠᠰᠠᠭ ᠤᠨ ᠤᠷᠳᠤᠨ ᠰᠤᠨᠤᠷ ᠰᠡᠷᠡᠮᠵᠢ ᠪᠡᠨ ᠳᠡᠬᠡᠭᠰᠢᠯᠡᠬᠦᠯᠬᠦ ᠶᠢᠨ ᠵᠡᠷᠬᠡᠴᠡᠬᠡ ᠬᠡᠬᠡᠷ᠎ᠡ ᠶᠢᠨ ᠠᠷᠢᠶᠠᠳᠠᠨ ᠠᠮᠢᠳᠠᠨ ᠢ ᠬᠠᠮᠠᠭᠠᠯᠠᠬᠤ ᠳᠠᠨᠢᠯᠳᠠ ᠪᠡᠨ ᠳᠡᠬᠡᠭᠰᠢᠯᠡᠬᠦᠯᠬᠦ ᠴᠢᠬᠤᠯᠠ ᠲᠠᠢ᠃ ᠤᠳᠤᠬᠠᠨ ᠳᠤ᠂ ᠵᠠᠬ᠎ᠠ ᠵᠡᠬᠡᠯᠢ ᠳᠡᠬᠡᠷ᠎ᠡ ᠬᠡᠬᠡᠷ᠎ᠡ ᠶᠢᠨ ᠠᠷᠢᠶᠠᠳᠠᠨ ᠠᠮᠢᠳᠠᠨ ᠬᠤᠳᠠᠯᠳᠤᠭᠠᠯᠠᠵᠤ ᠪᠠᠶᠢᠭ᠎ᠠ ᠮᠠᠶᠢᠮᠠᠶᠢᠴᠢᠨ ᠢ ᠬᠡᠳᠦ ᠬᠦᠩᠬᠡᠨ ᠢᠶᠡᠷ ᠳᠤᠷᠭᠠᠵᠤ ᠪᠠᠶᠢᠭ᠎ᠠ ᠤᠴᠢᠷ ᠡᠴᠡ ᠶᠡᠯ᠎ᠡ ᠬᠢᠬᠦ ᠦᠷᠳᠡᠭ ᠢ ᠨᠢ ᠳᠤᠤᠷ᠎ᠠ ᠪᠤᠯᠭᠠᠭᠰᠠᠨ ᠪᠠᠶᠢᠳᠠᠭ》 ᠬᠡᠵᠤ ᠠᠶᠠᠨ ᠤ ᠰᠢᠪᠠᠭᠤᠳ ᠪᠤᠶᠠᠨ ᠤ ᠹᠤᠨᠳ᠋ ᠤᠨ ᠬᠠᠷᠢᠭᠤᠴᠠᠯᠭᠠᠳᠠᠨ ᠴᠢ ᠢᠤᠢ ᠲᠢᠩ ᠶᠠᠷᠢᠵᠤ ᠪᠠᠶᠢᠯ᠎ᠠ᠃ ᠳᠡᠷᠡᠪᠡᠷ ᠪᠠᠰᠠ ᠡᠨᠡᠬᠦ ᠬᠠᠤᠯᠢ ᠪᠤᠰᠤ ᠠᠵᠢᠯᠯᠠᠭ᠎ᠠ ᠶᠢ ᠬᠤᠷᠢᠭᠯᠠᠬᠤ ᠳᠤ ᠨᠡᠶᠢᠬᠡᠮ ᠲᠠᠶᠠᠭᠠᠷ ᠤᠨ ᠪᠤᠯᠤᠨ ᠰᠠᠶᠢᠨ ᠳᠤᠷᠠᠴᠤᠤᠯ ᠤᠨ ᠤᠷᠤᠯᠴᠠᠭ᠎ᠠ ᠮᠠᠰᠢ ᠴᠢᠬᠤᠯᠠ᠂ ᠬᠠᠤᠯᠢ ᠪᠤᠰᠤ ᠠᠵᠢᠯᠯᠠᠭ᠎ᠠ ᠶᠢ ᠭᠠᠵᠠᠷ ᠳᠡᠬᠡᠷ᠎ᠡ ᠡᠴᠡ ᠨᠢ ᠢᠯᠡᠷᠡᠬᠦᠯᠵᠤ᠂ ᠬᠡᠷᠡᠭ ᠮᠡᠳᠡᠬᠦᠯᠦᠨ᠂ ᠵᠢᠷᠤᠭ ᠠᠪᠴᠤ ᠬᠡᠷᠡᠴᠢ ᠦᠯᠡᠳᠡᠬᠡᠬᠦ ᠬᠡᠷᠡᠭᠳᠡᠢ᠃ ᠡᠬᠡᠯ ᠢᠷᠬᠡᠳ ᠤᠨ ᠬᠤᠪᠢ ᠳᠤ ᠮᠠᠶᠢᠮᠠᠢ ᠪᠠᠶᠢᠬᠤ ᠦᠬᠡᠢ ᠪᠤᠯ ᠠᠯᠠᠯᠭ᠎ᠠ ᠬᠢᠳᠤᠯᠭ᠎ᠠ ᠪᠠᠶᠢᠬᠤ ᠦᠬᠡᠢ᠃ ᠬᠡᠬᠡᠷ᠎ᠡ ᠶᠢᠨ ᠠᠮᠳᠠᠳᠤ ᠬᠤᠭᠤᠯᠠᠨ ᠤ ᠭᠠᠵᠠᠷ ᠤᠴᠢᠬᠤ ᠦᠬᠡᠢ᠂ ᠠᠮᠢᠳᠤ ᠰᠢᠪᠠᠭᠤᠨ ᠤ ᠵᠠᠬ᠎ᠠ ᠳᠤ ᠤᠴᠢᠵᠤ ᠦᠨ᠎ᠡ ᠴᠡᠨ᠎ᠡ ᠲᠠᠢ ᠰᠢᠪᠠᠭᠤ ᠠᠪᠬᠤ ᠦᠬᠡᠢ ᠶᠤᠮ ᠪᠤᠯ ᠵᠠᠬ᠎ᠠ ᠵᠡᠬᠡᠯᠢ ᠶᠢᠨ ᠬᠦᠭᠵᠢᠶᠡᠨ ᠠᠶᠠᠨᠳᠠᠭᠠᠨ ᠨᠠᠮᠬᠠᠷᠠᠵᠤ᠂ ᠠᠰᠢᠭ ᠤᠷᠤᠯᠭ᠎ᠠ ᠶᠢᠨ ᠬᠡᠯᠬᠢᠶ᠎ᠡ ᠨᠢ ᠳᠠᠰᠤᠷᠬᠤ ᠪᠤᠯᠤᠨ᠎ᠠ ᠬᠡᠵᠤ ᠦᠵᠡᠵᠤ ᠪᠤᠢ᠃

    ᠮᠠᠨ ᠤ ᠤᠯᠤᠰ ᠤᠨ ᠤᠳᠤᠬᠠᠨ ᠤ ᠬᠡᠬᠡᠷ᠎ᠡ ᠶᠢᠨ ᠠᠷᠢᠶᠠᠳᠠᠨ ᠠᠮᠢᠳᠠᠨ ᠢ ᠬᠠᠮᠠᠭᠠᠯᠠᠬᠤ ᠬᠠᠤᠯᠢ ᠶᠢ ᠦᠨᠳᠦᠰᠦᠯᠡᠪᠡᠯ᠂ 20 ᠰᠢᠪᠠᠭᠤ ᠶᠢ ᠬᠠᠤᠯᠢ ᠪᠤᠰᠤ ᠪᠡᠷ ᠠᠩᠨᠠᠵᠤ ᠬᠤᠳᠠᠯᠳᠤᠭᠰᠠᠨ ᠪᠤᠯ ᠡᠷᠡᠬᠦᠦ ᠶᠢᠨ ᠬᠡᠷᠡᠭ ᠲᠤ ᠬᠤᠯᠪᠤᠭᠳᠠᠳᠠᠭ᠃ ᠵᠧᠤ ᠬᠠᠢ ᠰᠢᠶᠠᠩ ᠤᠨ ᠦᠵᠡᠬᠦ ᠪᠡᠷ᠂ ᠡᠷᠬᠡᠪᠰᠢ ᠶᠡᠬᠡᠪᠡᠷ ᠳᠤᠷᠭᠠᠬᠤ ᠬᠡᠷᠡᠭᠳᠡᠢ᠂ ᠬᠡᠷᠡᠭ ᠤᠴᠢᠷ ᠨᠢ ᠦᠨᠡᠨ ᠪᠤᠳᠠᠳᠠᠢ᠂ ᠬᠡᠷᠡᠴᠢ ᠪᠠᠷᠢᠮᠳᠠ ᠪᠦᠷᠢᠨ ᠪᠠᠶᠢᠳᠠᠯ ᠳᠤ ᠡᠷᠬᠡᠪᠰᠢ ᠡᠷᠡᠬᠦᠦ ᠶᠢᠨ ᠬᠡᠷᠡᠭ ᠨᠡᠬᠡᠮᠵᠢᠯᠡᠬᠦ ᠶᠢᠨ ᠵᠡᠷᠬᠡᠴᠡᠬᠡ ᠡᠷᠬᠡᠪᠰᠢ ᠤᠯᠠᠨ ᠪᠠᠶᠢᠭᠤᠯᠤᠯᠭ᠎ᠠ ᠬᠤᠯᠪᠤᠭᠠᠯᠠᠨ ᠬᠠᠤᠯᠢ ᠬᠡᠷᠡᠭᠵᠢᠬᠦᠯᠬᠦ ᠬᠡᠷᠡᠭᠳᠡᠢ᠃ ᠤᠢ ᠰᠢᠭᠤᠢ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢ ᠰᠢᠪᠠᠭᠤ ᠠᠩᠨᠠᠬᠤ ᠶᠢ ᠡᠷᠡᠰ ᠬᠤᠷᠢᠭᠯᠠᠵᠤ᠂ ᠵᠠᠮ ᠤᠨ ᠴᠠᠭᠳᠠᠭᠠᠨ ᠤ ᠪᠠᠶᠢᠭᠤᠯᠤᠯᠭ᠎ᠠ ᠨᠢ ᠠᠴᠢᠶ᠎ᠠ ᠳᠡᠬᠡᠬᠡᠪᠦᠷᠢ ᠶᠢ ᠴᠢᠩᠭ᠎ᠠ ᠬᠢᠨᠠᠨ ᠰᠢᠯᠭᠠᠵᠤ᠂ ᠦᠢᠯᠡᠳᠪᠦᠷᠢ ᠬᠤᠳᠠᠯᠳᠤᠭᠠᠨ ᠤ ᠪᠠᠶᠢᠭᠤᠯᠤᠯᠭ᠎ᠠ ᠨᠢ ᠬᠦᠳᠡᠬᠡ ᠠᠵᠤ ᠠᠬᠤᠢ ᠶᠢᠨ ᠵᠠᠬ᠎ᠠ ᠵᠡᠬᠡᠯᠢ᠂ ᠬᠤᠭᠤᠯᠠ ᠤᠮᠳᠠ ᠶᠢᠨ ᠭᠠᠵᠠᠷ ᠢ ᠨᠠᠷᠢᠨ ᠪᠠᠶᠢᠴᠠᠭᠠᠵᠤ᠂ ᠡᠷᠡᠬᠦᠯ ᠮᠡᠨᠳᠦ ᠶᠢᠨ ᠪᠠᠶᠢᠭᠤᠯᠤᠯᠭ᠎ᠠ ᠨᠢ ᠬᠢᠵᠢᠭ᠌ ᠤᠨ ᠬᠢᠨᠠᠨ ᠰᠢᠯᠭᠠᠯᠳᠠ ᠶᠢᠨ ᠠᠵᠢᠯ ᠢ ᠰᠠᠶᠢᠨ ᠬᠢᠬᠦ ᠬᠡᠷᠡᠭᠳᠡᠢ᠃

    ᠰᠤᠷᠪᠤᠯᠵᠢᠯᠠᠭ᠎ᠠ ᠳᠤᠮᠳᠠ᠂ ᠤᠯᠠᠨ ᠢᠶᠡᠷ ᠢᠶᠡᠨ ᠴᠢᠷᠮᠠᠶᠢᠵᠤ ᠬᠠᠮᠳᠤᠪᠠᠷ ᠬᠠᠮᠢᠶᠠᠷᠴᠤ᠂ ᠨᠡᠶᠢᠳᠡ ᠪᠡᠷ ᠢᠶᠡᠨ ᠰᠢᠪᠠᠭᠤ ᠠᠩᠨᠠᠬᠤ ᠬᠠᠤᠯᠢ ᠪᠤᠰᠤ ᠠᠵᠢᠯᠯᠠᠭ᠎ᠠ ᠶᠢ ᠬᠤᠷᠢᠭᠯᠠᠬᠤ ᠳᠤ ᠯᠠ ᠬᠦᠷᠪᠡᠯ ᠰᠠᠶ᠊ᠢ ᠠᠶᠠᠨ ᠤ ᠰᠢᠪᠠᠭᠤ ᠵᠡᠷᠬᠡ ᠬᠡᠬᠡᠷ᠎ᠡ ᠶᠢᠨ ᠵᠢᠬᠦᠷᠳᠡᠨ ᠠᠷᠢᠶᠠᠳᠠᠨ ᠤ ᠠᠶᠤᠯᠬᠦᠢ ᠶᠢ ᠪᠦᠳᠦᠮᠵᠢᠳᠡᠢ ᠪᠠᠳᠤᠯᠠᠵᠤ᠂ ᠠᠶᠠᠨ ᠤ ᠰᠢᠪᠠᠭᠤᠳ ᠤᠨ ᠨᠡᠬᠦᠳᠡᠯ ᠤᠨ ᠵᠠᠮ ᠳᠤ ᠠᠶᠤᠯ ᠳᠦᠭᠰᠢᠬᠦᠷᠢ ᠠᠬᠢᠵᠤ ᠨᠢᠭᠤᠷᠯᠠᠬᠤ ᠦᠬᠡᠢ ᠪᠤᠯᠤᠨ᠎ᠠ ᠬᠡᠵᠤ ᠰᠢᠪᠠᠭᠤᠨ ᠳᠤ ᠬᠠᠶᠢᠷᠠᠳᠠᠢ ᠬᠦᠮᠦᠰ ᠦᠵᠡᠵᠡᠬᠡᠵᠤ ᠪᠠᠶᠢᠯ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119896116