蒙古文网站Logo
ᠰᠢᠨᠬᠤᠸᠠ ᠮᠤᠩᠭ᠋ᠤᠯ ᠨᠧᠲ

2016 ᠤᠨ ᠤ ᠬᠤᠶᠠᠷ ᠡᠷᠬᠢ ᠶᠢᠨ ᠡᠳ᠋ ᠤᠨ ᠵᠠᠰᠠᠭ ᠤᠨ ᠹᠤᠷᠦ᠋ᠮ ᠪᠡᠬᠡᠵᠢᠩ ᠳᠤ ᠪᠤᠯᠪᠠ

2016-12-07 09:11

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠴᠠ ᠸᠧᠨ ᠬᠤᠧᠠ᠂ ᠯᠢᠦ ᠬᠤᠧᠠᠨ ) ᠰᠢᠨᠬᠤᠧᠠ ᠬᠤᠷᠢᠶ᠎ᠠ ᠬᠢᠬᠡᠳ ᠳᠠᠶᠢᠧᠠᠨ ᠤ ᠸᠠᠩ ᠸᠠᠩ ᠵᠦᠩ ᠱᠢ ᠬᠡᠪᠯᠡᠯ ᠮᠡᠳᠡᠬᠡᠯᠡᠯ ᠤᠨ ᠪᠦᠯᠦᠭᠯᠡᠯ ᠤᠨ ᠳᠤᠰᠠᠯᠠᠯᠴᠠᠭ᠎ᠠ ᠲᠠᠢ ᠪᠡᠷ ᠰᠢᠨᠬᠤᠧᠠ ᠨᠧᠲ ᠪᠤᠯᠤᠨ ᠳᠠᠶᠢᠧᠠᠨ ᠤ《ᠦᠢᠯᠡᠳᠪᠦᠷᠢ ᠬᠤᠳᠠᠯᠳᠤᠭᠠᠨ ᠤ ᠳᠠᠶᠢᠮᠧᠰ ᠰᠤᠨᠢᠨ》 ᠡᠴᠡ ᠬᠠᠮᠳᠤᠷᠠᠨ ᠵᠤᠬᠢᠶᠠᠨ ᠪᠠᠶᠢᠭᠤᠯᠤᠭᠰᠠᠨ 2016 ᠤᠨ ᠤ ᠬᠤᠶᠠᠷ ᠡᠷᠬᠢ ᠶᠢᠨ ᠡᠳ᠋ ᠤᠨ ᠵᠠᠰᠠᠭ ᠤᠨ ᠹᠤᠷᠦ᠋ᠮ 6 ᠤ ᠡᠳᠦᠷ ᠪᠡᠬᠡᠵᠢᠩ ᠳᠤ ᠪᠤᠯᠪᠠ᠃

    ᠹᠤᠷᠦ᠋ᠮ ᠨᠢ《〈13·5〉 ᠬᠦᠭᠵᠢᠯᠳᠡ ᠶᠢᠨ ᠳᠦᠰᠦᠯ ᠬᠢᠬᠡᠳ ᠬᠤᠶᠠᠷ ᠡᠷᠬᠢ ᠶᠢᠨ ᠬᠤᠳᠠᠯᠳᠤᠭ᠎ᠠ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠰᠢᠨ᠎ᠡ ᠠᠵᠠ ᠳᠤᠬᠢᠶᠠᠯ》 ᠬᠡᠮᠡᠬᠦ ᠭᠤᠤᠯ ᠰᠡᠳᠦᠪ ᠤᠨ ᠳᠤᠭᠤᠷᠢᠨ ᠳᠤ ᠶᠠᠪᠤᠭᠳᠠᠪᠠ᠃ ᠬᠤᠶᠠᠷ ᠡᠷᠬᠢ ᠶᠢᠨ ᠵᠠᠭᠤ ᠭᠠᠷᠤᠢ ᠨᠡᠷᠡᠳᠦ ᠠᠵᠤ ᠠᠬᠤᠶᠢᠯᠠᠯᠳᠠᠨ᠂ ᠳᠤᠮᠳᠠ ᠵᠢᠵᠢᠭ᠌ ᠠᠵᠤ ᠠᠬᠤᠶᠢᠯᠠᠯ ᠤᠨ ᠳᠦᠯᠦᠬᠡᠯᠡᠭᠴᠢ ᠵᠢᠴᠢ ᠰᠠᠩᠬᠦᠦ ᠶᠢᠨ ᠮᠡᠷᠬᠡᠵᠢᠯᠳᠡᠨ ᠹᠤᠷᠦ᠋ᠮ ᠳᠤ ᠤᠷᠤᠯᠴᠠᠵᠤ᠂ ᠬᠤᠶᠠᠷ ᠡᠷᠬᠢ ᠶᠢᠨ ᠠᠵᠤ ᠦᠢᠯᠡᠰ ᠤᠨ ᠬᠠᠮᠳᠤ ᠶᠢᠨ ᠠᠵᠢᠯᠯᠠᠭ᠎ᠠ 《13·5》 ᠬᠦᠭᠵᠢᠯᠳᠡ ᠶᠢᠨ ᠳᠦᠰᠦᠯ ᠢ ᠬᠡᠷᠬᠢᠨ ᠠᠰᠢᠭᠯᠠᠵᠤ ᠵᠡᠷᠬᠡᠯᠡᠯ ᠳᠡᠪᠰᠢᠬᠦ᠂ ᠬᠤᠶᠠᠷ ᠡᠷᠬᠢ ᠶᠢᠨ ᠮᠦᠩᠬᠦᠨ ᠬᠦᠢᠯᠬᠡᠬᠡᠨ ᠤ ᠬᠠᠷᠢᠯᠴᠠᠭ᠎ᠠ ᠬᠠᠮᠳᠤ ᠶᠢᠨ ᠠᠵᠢᠯᠯᠠᠭ᠎ᠠ 《ᠰᠢᠨ᠎ᠡ ᠡᠳ᠋ ᠤᠨ ᠵᠠᠰᠠᠭ》 ᠤ᠋ᠨ ᠠᠵᠠ ᠳᠤᠬᠢᠶᠠᠯ ᠢ ᠬᠡᠷᠬᠢᠨ ᠠᠮᠵᠢᠭᠤᠯᠬᠤ᠂ ᠬᠤᠶᠠᠷ ᠡᠷᠬᠢ ᠶᠢᠨ ᠳᠤᠮᠳᠠ ᠵᠢᠵᠢᠭ᠌ ᠠᠵᠤ ᠠᠬᠤᠶᠢᠯᠠᠯ 《13·5》 ᠬᠦᠭᠵᠢᠯᠳᠡ ᠶᠢᠨ ᠳᠦᠰᠦᠯ ᠡᠴᠡ ᠬᠡᠷᠬᠢᠨ ᠰᠢᠨ᠎ᠡ ᠬᠦᠳᠡᠯᠬᠡᠬᠦ ᠬᠦᠴᠦᠨ ᠤᠯᠬᠤ ᠵᠡᠷᠬᠡ ᠳᠠᠯ᠎ᠠ ᠪᠡᠷ ᠰᠠᠨᠠᠯ ᠪᠤᠳᠤᠯ ᠢᠶᠡᠨ ᠰᠤᠯᠢᠯᠴᠠᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
关闭
010070230030000000000000011120701120069603