蒙古文网站Logo
ᠰᠢᠨᠬᠤᠸᠠ ᠮᠤᠩᠭ᠋ᠤᠯ ᠨᠧᠲ

ᠤᠯᠤᠰ ‍ᠤᠨ ᠦᠭᠡᠷᠡᠴᠢᠯᠡᠯᠳᠡ ᠬᠦᠭᠵᠢᠬᠦᠯᠥᠯᠳᠡ  ᠶ᠋ᠢᠨ ᠵᠦᠪᠯᠡᠯ 2017 ᠤᠨ ᠤ ᠰᠠᠷ᠎ᠠ ᠰᠢᠨ᠎ᠡ ᠶ᠋ᠢᠨ ᠬᠤᠭᠤᠴᠠᠭᠠᠨ ᠳᠡᠬᠢ ᠵᠠᠬ᠎ᠠ ᠵᠡᠬᠡᠯᠢ ᠶᠢᠨ ᠬᠠᠩᠭᠠᠯᠭ᠎ᠠ ᠶ᠋ᠢ ᠪᠠᠳᠤᠯᠠᠵᠥ ᠦᠨ᠎ᠠ ᠬᠠᠩᠰᠢ ᠶ᠋ᠢ ᠲᠤᠭᠳᠠᠭᠤᠨ ᠪᠠᠢᠯᠭᠠᠬᠤ ᠠᠵᠢᠯ ᠢ ᠪᠠᠶᠢᠷᠢᠯᠠᠭᠤᠯᠪᠠ

2016-12-14 09:29

    ᠰᠢᠨᠬᠤᠸᠠ ᠬᠤᠷᠢᠶ᠎ᠠ   ᠪᠡᠭᠡᠵᠢᠩ ᠤᠨ 12 ᠰᠠᠷ᠎ᠠ ᠶ᠋ᠢᠨ 12 ᠤᠨ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠨ ᠪᠸᠢ) ᠤᠯᠤᠰ ᠤᠨ ᠦᠭᠡᠷᠡᠴᠢᠯᠡᠯᠳᠡ ᠬᠦᠭᠵᠢᠬᠦᠯᠥᠯᠳᠡ  ᠶ᠋ᠢᠨ ᠵᠦᠪᠯᠡᠯ 12 ᠤᠨ ᠡᠳᠤᠷ ᠮᠡᠳᠡᠭᠳᠡᠯ ᠨᠡᠶᠢᠳᠡᠯᠡᠵᠤ ᠡᠯ᠎ᠡ ᠭᠠᠵᠠᠷ ᠤᠨ ᠦᠭᠡᠷᠡᠴᠢᠯᠡᠯᠳᠡ ᠬᠦᠭᠵᠢᠬᠦᠯᠥᠯᠳᠡ᠂ ᠦᠨ᠎ᠡ ᠬᠠᠩᠰᠢ ᠶ᠋ᠢᠨ ᠭᠤᠤᠯᠯᠠᠨ ᠬᠠᠮᠢᠶᠠᠷᠬᠤ ᠪᠠᠶᠢᠭᠤᠯᠤᠯᠭ᠎ᠠ ᠨᠢ 2017 ᠤᠨ ᠤ ᠰᠢᠨ᠎ᠡ ᠵᠢᠯ ᠴᠠᠭᠠᠨ ᠰᠠᠷ᠎ᠠ ᠶ᠋ᠢᠨ ᠬᠤᠭᠤᠴᠠᠭᠠᠨ ᠤ ᠵᠠᠬ᠎ᠡ ᠵᠡᠬᠡᠯᠢ ᠶᠢᠨ ᠬᠠᠩᠭᠠᠯᠭ᠎ᠠ ᠶ᠋ᠢ ᠪᠠᠳᠤᠯᠠᠵᠥ ᠦᠨ᠎ᠠ ᠬᠠᠩᠰᠢ ᠶ᠋ᠢ ᠲᠤᠭᠳᠠᠭᠤᠨ ᠪᠠᠶᠢᠯᠭᠠᠬᠤ ᠠᠵᠢᠯ ᠢ ᠰᠠᠶᠢᠳᠤᠷ ᠬᠢᠵᠥ᠂ ᠴᠢᠬᠤᠯᠠ ᠲᠠᠸᠠᠷ ᠤᠨ ᠵᠠᠬ᠎ᠡ ᠵᠡᠬᠡᠯᠢ ᠪᠤᠯᠤᠨ ᠦᠨ᠎ᠡ ᠬᠠᠩᠰᠢ ᠶ᠋ᠢᠨ ᠲᠤᠭᠳᠠᠭᠤᠨ ᠪᠠᠶᠢᠬᠤ ᠶ᠋ᠢ ᠪᠠᠳᠤᠯᠠᠵᠥ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠬᠤ ᠬᠡᠷᠡᠭᠳᠡᠢ ᠬᠡᠵᠡᠢ᠃

    ᠮᠡᠳᠡᠭᠳᠡᠯ ᠳ᠋ᠤ᠂ ᠵᠠᠬ᠎ᠡ ᠵᠡᠬᠡᠯᠢ ᠶᠢᠨ ᠦᠨ᠎ᠡ ᠬᠠᠩᠰᠢ ᠶ᠋ᠢ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠬᠦᠯᠬᠦ ᠠᠵᠢᠯ ᠢ ᠴᠢᠩᠭᠠᠳᠬᠠᠬᠤ ᠬᠡᠷᠡᠭᠳᠡᠢ᠃ ᠠᠮᠤ ᠪᠤᠳᠠᠭ᠎ᠠ᠂ ᠲᠤᠰᠤ᠂ ᠮᠢᠬ᠎ᠠ᠂ ᠦᠨᠳᠡᠬᠡ᠂ ᠰᠦ᠋᠂ ᠨᠤᠭᠤᠭ᠎ᠠ᠂ ᠲᠠᠪᠤᠰᠤ ᠵᠡᠷᠬᠡ ᠰᠠᠭᠤᠭᠠᠯᠢ ᠢᠷᠬᠡᠳ ᠤᠨ ᠠᠮᠢᠳᠤᠷᠠᠯ ᠤᠨ ᠴᠢᠬᠤᠯᠠ ᠪᠦᠬᠦᠢ ᠵᠦᠢᠯ ᠢᠯᠠᠩᠭᠤᠶ᠎ᠠ ᠦᠨᠳᠦᠰᠦᠨ ᠢᠳᠡᠰᠢᠨ ᠨᠤᠭᠤᠭ᠎ᠠ ᠶ᠋ᠢᠨ ᠵᠦᠢᠯ ᠤᠨ ᠵᠠᠬ᠎ᠡ ᠵᠡᠬᠡᠯᠢ ᠶᠢᠨ ᠬᠠᠩᠭᠠᠯᠭ᠎ᠠ ᠪᠤᠯᠤᠨ ᠦᠨ᠎ᠡ ᠬᠠᠩᠰᠢ ᠶ᠋ᠢᠨ ᠬᠤᠪᠢᠷᠠᠯᠳᠡ ᠶ᠋ᠢ ᠨᠢᠬᠳᠠ ᠮᠦᠷᠳᠡᠨ ᠪᠠᠶᠢᠴᠠᠭᠠᠵᠥ᠂ ᠢᠯᠡᠷᠡᠯ ᠤᠨ ᠴᠢᠨᠠᠷᠳᠠᠢ᠂ ᠬᠡᠯᠪᠡᠷᠢᠯ ᠤᠨ ᠴᠢᠨᠠᠷᠳᠠᠢ᠂ ᠲᠠᠯᠳᠡ ᠴᠢᠨᠠᠷᠳᠠᠢ ᠠᠰᠠᠭᠤᠳᠠᠯ ᠢ ᠤᠯᠵᠥ ᠮᠡᠳᠡᠪᠡᠯ ᠲᠠᠷᠤᠶᠢᠬᠠᠨ ᠰᠡᠷᠡᠮᠵᠢᠯᠡᠬᠦᠯᠬᠦ ᠬᠡᠷᠡᠭᠳᠡᠢ᠃ ᠰᠢᠨ᠎ᠡ ᠰᠤᠷᠭᠤᠭ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠯ ᠤᠨ ᠬᠦᠢᠯᠬᠡᠬᠡ ᠳ᠋ᠤ ᠬᠡᠨᠡᠳᠳᠡ ᠶ᠋ᠢᠨ ᠪᠠᠶᠢᠳᠠᠯ ᠲᠤᠯᠭᠠᠷᠠᠪᠠᠯ᠂ ᠵᠠᠬ᠎ᠡ ᠵᠡᠬᠡᠯᠢ ᠶᠢᠨ ᠦᠨ᠎ᠡ ᠬᠠᠩᠰᠢ ᠶ᠋ᠢ ᠪᠠᠴᠢᠮ ᠠᠷᠭᠠᠴᠠᠵᠤ ᠬᠢᠨᠠᠨ ᠰᠢᠯᠭᠠᠬᠤ ᠠᠵᠢᠯ ᠢ ᠲᠦᠷᠬᠡᠬᠡᠨ ᠡᠬᠢᠯᠡᠬᠦᠯᠵᠥ᠂ ᠵᠠᠬ᠎ᠡ ᠵᠡᠬᠡᠯᠢ ᠶᠢᠨ ᠦᠨ᠎ᠡ ᠬᠠᠩᠰᠢ ᠶ᠋ᠢᠨ ᠪᠠᠶᠢᠳᠠᠯ ᠢ ᠴᠠᠭ ᠲᠤᠬᠠᠢ ᠳ᠋ᠤᠨᠢ ᠡᠵᠡᠮᠰᠢᠬᠦ ᠬᠡᠷᠡᠭᠳᠡᠢ ᠬᠡᠵᠥ ᠱᠠᠭᠠᠷᠳᠠᠪᠠ᠃

    ᠮᠡᠳᠡᠭᠳᠡᠯ ᠳ᠋ᠤ᠂ ᠬᠤᠯᠢᠰᠢᠨ ᠢᠳᠡᠭᠡᠨ ᠤ ᠲᠠᠸᠠᠷ ᠤᠨ ᠬᠠᠩᠭᠠᠯᠭ᠎ᠠ ᠶ᠋ᠢ ᠪᠠᠳᠤᠯᠠᠵᠥ ᠦᠨ᠎ᠡ ᠬᠠᠩᠰᠢ ᠶ᠋ᠢ ᠲᠤᠭᠳᠠᠭᠤᠨ ᠪᠠᠶᠢᠯᠭᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠵᠤᠬᠢᠶᠠᠨ ᠪᠠᠢᠭᠤᠯᠬᠤ ᠬᠡᠷᠡᠭᠳᠡᠢ᠃ ᠠᠮᠤ ᠪᠤᠳᠠᠭ᠎ᠠ ᠲᠤᠰᠤ ᠲᠠᠪᠤᠰᠤ ᠵᠡᠷᠬᠡ ᠭᠤᠤᠯᠳᠠᠯᠭ᠎ᠠ ᠲᠠᠢ ᠲᠠᠸᠠᠷ ᠤᠨ ᠵᠠᠬ᠎ᠡ ᠵᠡᠬᠡᠯᠢ ᠶᠢᠨ ᠡᠵᠡᠮᠰᠢᠯ ᠲᠤᠬᠢᠷᠠᠭᠤᠯᠭ᠎ᠠ ᠶ᠋ᠢ ᠨᠠᠷᠢᠨ ᠬᠢᠨᠠᠮᠠᠭᠠᠢ ᠦᠷᠨᠢᠬᠦᠯᠬᠦ ᠬᠡᠷᠡᠭᠳᠡᠢ᠃ ᠵᠠᠬ᠎ᠡ ᠵᠡᠬᠡᠯᠢ ᠶᠢᠨ ᠦᠨ᠎ᠡ ᠬᠠᠩᠰᠢ ᠶ᠋ᠢᠨ ᠬᠢᠨᠠᠯᠳᠠ ᠬᠠᠮᠢᠶᠠᠷᠤᠯᠳᠡ ᠶ᠋ᠢ ᠬᠦᠴᠦᠯᠡᠨ ᠴᠢᠩᠭᠠᠳᠬᠠᠵᠥ᠂《12358》ᠦᠨ᠎ᠡ ᠬᠠᠩᠰᠢ ᠶ᠋ᠢᠨ ᠬᠢᠨᠠᠯᠳᠠ ᠬᠠᠮᠢᠶᠠᠷᠤᠯᠳᠡ ᠶ᠋ᠢᠨ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠥ᠂ ᠦᠨ᠎ᠡ ᠬᠠᠩᠰᠢ ᠶ᠋ᠢᠨ ᠢᠯᠡᠴᠢᠯᠡᠨ ᠮᠡᠳᠡᠬᠦᠯᠥᠯᠳᠡ ᠶ᠋ᠢ ᠴᠠᠭ ᠲᠤᠬᠠᠢ ᠳ᠋ᠤᠨᠢ ᠲᠤᠬᠢᠳᠠᠢ ᠰᠢᠢᠳᠪᠤᠷᠢᠯᠡᠬᠦ ᠶ᠋ᠢ ᠦᠨᠡᠨᠬᠦ ᠪᠠᠳᠤᠯᠠᠵᠥ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃ ᠦᠨ᠎ᠡ ᠬᠠᠩᠰᠢ ᠶ᠋ᠢᠨ ᠪᠠᠴᠢᠮ ᠡᠵᠡᠮᠰᠢᠨ ᠲᠤᠬᠢᠷᠠᠭᠤᠯᠬᠤ ᠬᠢᠨᠠᠯᠳᠠ ᠬᠠᠮᠢᠶᠠᠷᠤᠯᠳᠠ ᠶ᠋ᠢᠨ ᠴᠢᠳᠠᠪᠤᠷᠢ ᠶ᠋ᠢ ᠤᠯᠠᠮ ᠴᠢᠨᠠᠭᠰᠢᠳᠠ ᠲᠡᠭᠡᠭᠰᠢᠯᠡᠬᠦᠯᠬᠦ ᠬᠡᠷᠡᠭᠳᠡᠢ᠃ ᠬᠦᠴᠢᠷᠳᠡᠯᠳᠡᠢ ᠤᠯᠠᠨ ᠲᠦᠮᠡᠨ ᠤ ᠠᠮᠢᠳᠤᠷᠠᠯ ᠢ ᠪᠦᠳᠦᠮᠵᠢᠳᠡᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120701120114038