蒙古文网站Logo
ᠰᠢᠨᠬᠤᠸᠠ ᠮᠤᠩᠭ᠋ᠤᠯ ᠨᠧᠲ

ᠳᠣᠮᠳᠠᠳᠣ ᠪᠠᠭ᠎ᠠ ᠰᠣᠷᠭᠠᠭᠣᠯᠢ ᠪᠠ ᠴᠡᠴᠡᠷᠯᠢᠭ ᠦᠨ ᠬᠣᠭᠣᠯᠠᠨ ᠭᠡᠷ ᠦᠨ ᠢᠳᠡᠭᠡᠨ ᠣᠮᠳᠠᠭᠠᠨ ᠤ ᠡᠵᠡᠩᠨᠡᠯᠳᠡ ᠳ᠋ᠤ ᠵᠦᠪᠰᠢᠶᠡᠷᠡᠯ ᠣᠯᠭᠣᠬᠣ ᠪᠠᠷᠢᠮᠵᠢᠶ᠎ᠠ ᠶ᠋ᠢ ᠴᠢᠩᠭ᠎ᠠ ᠠᠳᠬᠣᠬᠣ ᠬᠡᠷᠡᠭᠳᠡᠢ ᠬᠡᠵᠡᠢ

2016-12-17 12:29

    ᠰᠢᠨᠬᠤᠧᠠ ᠬᠤᠷᠢᠶ᠎ᠠ   ᠪᠡᠬᠡᠵᠢᠩ ᠤᠨ 12 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠴᠧᠨ ᠽᠦᠩ) ᠳᠣᠮᠳᠠᠳᠣ ᠪᠠᠭ᠎ᠠ ᠰᠣᠷᠭᠠᠭᠣᠯᠢ ᠪᠠ ᠴᠡᠴᠡᠷᠯᠢᠭ ᠦᠨ ᠢᠳᠡᠭᠡᠨ ᠣᠮᠳᠠᠭᠠᠨ ᠤ ᠠᠶᠤᠯᠬᠦᠢ ᠶᠢ ᠬᠢᠨᠠᠨ ᠬᠠᠮᠢᠶᠠᠷᠬᠣ ᠠᠵᠢᠯ ᠢ ᠤᠯᠠᠨ ᠴᠢᠩᠭᠠᠳᠬᠠᠬᠣ ᠶ᠋ᠢᠨ ᠲᠦᠯᠦᠬᠡ ᠣᠯᠣᠰ ᠤᠨ ᠢᠳᠡᠭᠡᠨ ᠣᠮᠳᠠᠭᠠᠨ ᠡᠮ ᠳᠠᠩ ᠢ ᠬᠢᠨᠠᠵᠦ ᠬᠠᠮᠢᠶᠠᠷᠬᠣ ᠳᠣᠪᠴᠢᠶ᠎ᠠ ᠣᠶᠢᠷ᠎ᠠ ᠳ᠋ᠤ ᠰᠣᠷᠭᠠᠨ ᠬᠦᠮᠦᠵᠢᠯ ᠦᠨ ᠶᠠᠮᠣᠨ ᠲᠡᠢ ᠬᠠᠮᠳᠣᠷᠠᠨ ᠮᠡᠳᠡᠭᠳᠡᠯ ᠨᠡᠶᠢᠳᠡᠯᠡᠵᠦ᠂ ᠳᠣᠮᠳᠠᠳᠣ ᠪᠠᠭ᠎ᠠ ᠰᠣᠷᠭᠠᠭᠣᠯᠢ ᠪᠠ ᠴᠡᠴᠡᠷᠯᠢᠭ ᠦᠨ ᠬᠣᠭᠣᠯᠠᠨ ᠭᠡᠷ ᠦᠨ ᠢᠳᠡᠭᠡᠨ ᠣᠮᠳᠠᠭᠠᠨ ᠤ ᠡᠵᠡᠩᠨᠡᠯᠳᠡ ᠳ᠋ᠤ ᠵᠦᠪᠰᠢᠶᠡᠷᠡᠯ ᠣᠯᠭᠣᠬᠣ ᠪᠠᠷᠢᠮᠵᠢᠶ᠎ᠠ ᠶ᠋ᠢ ᠴᠢᠩᠭ᠎ᠠ ᠠᠳᠬᠣᠬᠣ ᠬᠡᠷᠡᠭᠳᠡᠢ ᠬᠡᠵᠦ ᠱᠠᠭᠠᠷᠳᠠᠵᠡᠢ᠃

    ᠮᠡᠳᠡᠭᠳᠡᠯ ᠳ᠋ᠤ᠂ ᠳᠣᠮᠳᠠᠳᠣ ᠪᠠᠭ᠎ᠠ ᠰᠣᠷᠭᠠᠭᠤᠯᠢ ᠶ᠋ᠢᠨ ᠵᠠᠬᠢᠷᠣᠯ ᠪᠠ ᠴᠡᠴᠡᠷᠯᠢᠭ ᠦᠨ ᠵᠠᠬᠢᠷᠣᠯ ᠪᠣᠯ ᠰᠣᠷᠭᠠᠭᠣᠯᠢ ᠶ᠋ᠢᠨ ᠢᠳᠡᠭᠡᠨ ᠣᠳᠠᠭᠠᠨ ᠤ ᠠᠶᠤᠯᠬᠦᠢ ᠶᠢ ᠪᠠᠳᠣᠯᠠᠬᠣ ᠨᠢᠬᠡᠳᠣᠬᠡᠷ ᠬᠠᠷᠢᠭᠣᠴᠠᠯᠭᠠᠳᠠᠨ ᠮᠦᠨ᠂ ᠭᠣᠣᠯ ᠴᠣᠭᠴᠠ ᠶ᠋ᠢᠨ ᠬᠠᠷᠢᠭᠣᠴᠠᠯᠭ᠎ᠠ ᠶ᠋ᠢ ᠴᠢᠩᠭ᠎ᠠ ᠨᠠᠶᠢᠳᠠᠪᠦᠷᠵᠢᠭᠣᠯᠵᠦ᠂ ᠢᠳᠡᠭᠡᠨ ᠣᠮᠳᠠᠭᠠᠨ ᠤ ᠠᠶᠤᠯᠬᠦᠢ ᠶᠢᠨ ᠪᠠᠳᠣᠯᠠᠭ᠎ᠠ ᠶ᠋ᠢ ᠡᠳᠣᠷ ᠳᠣᠳᠣᠮ ᠤᠨ ᠬᠠᠮᠢᠶᠠᠷᠣᠯᠳᠠ ᠶ᠋ᠢᠨ ᠴᠢᠬᠣᠯᠠ ᠠᠭᠣᠯᠭ᠎ᠠ ᠪᠣᠯᠭᠠᠵᠦ᠂ ᠲᠦᠬᠦᠬᠡᠢ ᠮᠠᠲ᠋ᠧᠷᠢᠶᠠᠯ  ᠬᠣᠳᠠᠯᠳᠣᠨ ᠠᠪᠬᠣ ᠳᠠᠮᠵᠢᠯᠠᠭ᠎ᠠ ᠶ᠋ᠢ ᠴᠢᠩᠭ᠎ᠠ ᠬᠢᠨᠠᠵᠦ᠂ ᠪᠣᠯᠪᠠᠰᠣᠷᠠᠭᠣᠯᠣᠨ ᠡᠳ᠋ᠰᠢᠬᠦᠯᠬᠦ᠂ ᠣᠬᠢᠶᠠᠵᠦ ᠴᠡᠪᠡᠷᠯᠡᠬᠦ ᠪᠠ ᠭᠡᠷᠡᠴᠢ ᠦᠯᠡᠳᠡᠭᠡᠵᠦ ᠬᠠᠮᠢᠶᠠᠷᠬᠣ ᠵᠡᠷᠬᠡ ᠵᠠᠩᠭᠢᠯᠠᠭ᠎ᠠ ᠶ᠋ᠢᠨ ᠳᠠᠮᠵᠢᠯᠠᠭ᠎ᠠ ᠶ᠋ᠢ ᠴᠢᠩᠭ᠎ᠠ ᠡᠵᠡᠮᠳᠡᠬᠦ ᠬᠡᠷᠡᠭᠳᠡᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
关闭
010070230030000000000000011120701120136314