蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠮᠤᠵᠢ ᠶᠢᠨ ᠵᠡᠷᠬᠡᠯᠡᠯ ᠤᠨ ᠰᠢᠯᠢᠳᠡᠭ ᠰᠤᠷᠤᠭᠴᠢ ᠶᠢ ᠶᠡᠬᠡ ᠰᠤᠷᠭᠠᠭᠤᠯᠢ ᠳᠤ ᠪᠠᠳᠤᠯᠠᠨ ᠬᠦᠷᠬᠡᠬᠦ ᠠᠵᠢᠯ ᠢ 2020 ᠤᠨ ᠡᠴᠡ ᠵᠤᠭᠰᠤᠭᠠᠨ᠎ᠠ

2017-01-09 09:03

    ᠰᠤᠷᠭᠠᠨ ᠬᠦᠮᠦᠵᠢᠯ ᠤᠨ ᠶᠠᠮᠤᠨ ᠤᠶᠢᠷ᠎ᠠ ᠶᠢᠨ ᠡᠳᠦᠷ 《2017 ᠤᠨ ᠤ ᠡᠩ ᠤᠨ ᠶᠡᠬᠡ ᠳᠡᠬᠡᠳᠦ ᠰᠤᠷᠭᠠᠭᠤᠯᠢ ᠶᠢᠨ ᠵᠠᠷᠢᠮ ᠤᠨᠴᠠᠭᠠᠢ ᠳᠦᠷᠦᠯ ᠤᠨ ᠰᠤᠷᠤᠭᠴᠢ ᠶᠢ ᠡᠯᠰᠡᠬᠦ ᠠᠵᠢᠯ ᠢ ᠰᠠᠶᠢᠳᠤᠷ ᠬᠢᠬᠦ ᠳᠤᠬᠠᠢ ᠮᠡᠳᠡᠭᠳᠡᠯ》 ᠢ ᠳᠠᠷᠬᠠᠭᠠᠵᠤ᠂ ᠶᠡᠬᠡ ᠰᠤᠷᠭᠠᠭᠤᠯᠢ ᠳᠤ ᠰᠤᠷᠤᠭᠴᠢ ᠪᠠᠳᠤᠯᠠᠨ ᠬᠦᠷᠬᠡᠬᠦ ᠶᠢ ᠪᠠᠭᠳᠠᠭᠠᠭᠰᠠᠨ 4 ᠳᠦᠷᠦᠯ ᠤᠨ ᠤᠨᠴᠠᠭᠠᠢ ᠳᠦᠷᠦᠯ ᠤᠨ ᠰᠤᠷᠤᠭᠴᠢ ᠶᠢ ᠡᠯᠰᠡᠬᠦ ᠠᠵᠢᠯ ᠢ ᠳᠦᠷᠢᠮᠵᠢᠬᠦᠯᠦᠭᠰᠡᠨ ᠪᠠᠶᠢᠨ᠎ᠠ᠃ ᠮᠡᠳᠡᠭᠳᠡᠯ ᠤᠨ ᠱᠠᠭᠠᠷᠳᠠᠯᠭ᠎ᠠ ᠶᠤᠰᠤᠭᠠᠷ 2020 ᠤᠨ ᠡᠴᠡ ᠡᠬᠢᠯᠡᠨ ᠪᠦᠬᠦᠶᠢᠯᠡ ᠶᠡᠬᠡ ᠰᠤᠷᠭᠠᠭᠤᠯᠢ ᠨᠤᠭᠤᠳ ᠮᠤᠵᠢ ᠶᠢᠨ ᠵᠡᠷᠬᠡᠯᠡᠯ ᠤᠨ ᠰᠢᠯᠢᠳᠡᠭ ᠰᠤᠷᠤᠭᠴᠢ ᠶᠢ ᠪᠠᠳᠤᠯᠠᠨ ᠬᠦᠷᠬᠡᠭᠰᠡᠨ ᠴᠤ ᠡᠯᠰᠡᠬᠦ ᠦᠬᠡᠢ ᠶᠤᠮ ᠪᠠᠶᠢᠨ᠎ᠠ᠃

    ᠰᠤᠷᠭᠠᠨ ᠬᠦᠮᠦᠵᠢᠯ ᠤᠨ ᠶᠠᠮᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠳᠤᠭᠳᠠᠭᠠᠯ ᠶᠢ ᠦᠨᠳᠦᠰᠦᠯᠡᠪᠡᠯ᠂ 2017 ᠤᠨ ᠳᠤ ᠮᠤᠵᠢ ᠶᠢᠨ ᠵᠡᠷᠬᠡᠯᠡᠯ ᠤᠨ ᠰᠢᠯᠢᠳᠡᠭ ᠰᠤᠷᠤᠭᠴᠢ᠂ ᠳᠤᠮᠳᠠᠳᠤ ᠰᠤᠷᠠᠭᠠᠭᠤᠯᠢ ᠶᠢᠨ ᠰᠤᠷᠤᠭᠴᠢᠳ ᠤᠨ ᠤᠯᠢᠮᠫᠢᠺ ᠤᠨ ᠳᠡᠮᠡᠴᠡᠬᠡᠨ ᠤ ᠤᠯᠤᠰ ᠤᠨ ᠳᠠᠰᠬᠠᠯᠵᠢᠭᠤᠯᠬᠤ ᠪᠠᠭ ᠤᠨ ᠬᠡᠰᠢᠬᠦᠨ᠂ ᠵᠠᠷᠢᠮ ᠭᠠᠳᠠᠭᠠᠳᠤ ᠬᠡᠯᠡᠨ ᠤ ᠳᠤᠮᠳᠠᠳᠤ ᠰᠤᠷᠭᠠᠭᠤᠯᠢ ᠡᠴᠡ ᠳᠠᠨᠢᠯᠴᠠᠭᠤᠯᠤᠭᠰᠠᠨ ᠰᠢᠯᠢᠳᠡᠭ ᠰᠤᠷᠤᠭᠴᠢ᠂ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢᠬᠡᠴᠡ ᠶᠢᠨ ᠪᠠᠭᠠᠳᠤᠷᠴᠤᠳ ᠪᠤᠶᠤ ᠦᠷᠡᠭᠳᠡᠭᠰᠡᠨ ᠪᠠᠭᠠᠳᠤᠷᠴᠤᠳ ᠤᠨ ᠦᠷ᠎ᠡ ᠬᠡᠤᠬᠡᠳ᠂ ᠴᠢᠯᠦᠬᠡᠯᠡᠭᠳᠡᠭᠰᠡᠨ ᠳᠠᠮᠢᠷᠴᠢᠨ ᠵᠡᠷᠬᠡ 5 ᠳᠦᠷᠦᠯ ᠤᠨ ᠬᠦᠮᠦᠰ ᠶᠡᠬᠡ ᠰᠤᠷᠭᠠᠭᠤᠯᠢ ᠳᠤ ᠪᠠᠳᠤᠯᠠᠨ ᠬᠦᠷᠬᠡᠭᠳᠡᠬᠦ ᠡᠷᠬᠡ ᠲᠠᠢ᠃ ᠶᠡᠬᠡ ᠰᠤᠷᠭᠠᠭᠤᠯᠢ ᠨᠤᠭᠤᠳ ᠡᠳᠡᠬᠡᠷ 5 ᠳᠦᠷᠦᠯ ᠤᠨ ᠬᠦᠮᠦᠰ ᠡᠴᠡ ᠪᠠᠳᠤᠯᠠᠨ ᠬᠦᠷᠬᠡᠭᠳᠡᠭᠰᠡᠨ ᠰᠤᠷᠤᠭᠴᠢ ᠶᠢ ᠡᠯᠰᠡᠵᠤ ᠪᠤᠯᠤᠨ᠎ᠠ᠂ ᠡᠬᠦᠨ ᠳᠤ ᠳᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠢᠬᠡᠴᠡ ᠶᠢᠨ ᠪᠠᠭᠠᠳᠤᠷᠴᠤᠳ ᠪᠤᠶᠤ ᠦᠷᠡᠭᠳᠡᠭᠰᠡᠨ ᠪᠠᠭᠠᠳᠤᠷᠴᠤᠳ ᠤᠨ ᠦᠷ᠎ᠡ ᠬᠡᠤᠬᠡᠳ ᠢ ᠬᠠᠮᠢᠶ᠎ᠠ ᠪᠦᠬᠦᠢ ᠳᠤᠭᠳᠠᠭᠠᠯ ᠶᠤᠰᠤᠭᠠᠷ ᠵᠦᠪᠬᠡᠨ ᠳᠤᠳᠤᠭᠠᠳᠤ ᠶᠢ ᠬᠠᠮᠠᠭᠠᠯᠠᠬᠤ ᠳᠤᠰᠬᠠᠢ ᠶᠡᠬᠡ ᠳᠡᠬᠡᠳᠦ ᠰᠤᠷᠭᠠᠭᠤᠯᠢ ᠳᠤ ᠪᠠᠳᠤᠯᠠᠨ ᠬᠦᠷᠬᠡᠨ᠎ᠠ᠃ ᠮᠦᠨ ᠳᠦᠪ ᠤᠨ ᠬᠠᠮᠢᠶ᠎ᠠ ᠪᠦᠬᠦᠢ ᠳᠤᠭᠳᠠᠭᠠᠯ ᠶᠤᠰᠤᠭᠠᠷ 2017 ᠤᠨ ᠤ ᠨᠠᠮᠤᠷ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠳᠤ ᠡᠯᠰᠡᠭᠳᠡᠭᠰᠡᠨ ᠰᠤᠷᠤᠭᠴᠢᠳ ᠮᠤᠵᠢ ᠶᠢᠨ ᠵᠡᠷᠬᠡᠯᠡᠯ ᠤᠨ ᠰᠢᠯᠢᠳᠡᠭ ᠰᠤᠷᠤᠭᠴᠢ ᠪᠡᠷ ᠰᠤᠩᠭᠤᠭᠳᠠᠭᠰᠠᠨ ᠴᠤ ᠶᠡᠬᠡ ᠰᠤᠷᠭᠠᠭᠤᠯᠢ ᠳᠤ ᠪᠠᠳᠤᠯᠠᠨ ᠬᠦᠷᠬᠡᠭᠳᠡᠬᠦ ᠡᠷᠬᠡ ᠶᠢ ᠤᠯᠵᠤ ᠡᠳ᠋ᠯᠡᠬᠦ ᠦᠬᠡᠢ᠂ 2020 ᠤᠨ ᠡᠴᠡ ᠡᠬᠢᠯᠡᠨ ᠪᠦᠬᠦᠶᠢᠯᠡ ᠶᠡᠬᠡ ᠰᠤᠷᠭᠠᠭᠤᠯᠢ ᠨᠤᠭᠤᠳ ᠪᠠᠳᠤᠯᠠᠨ ᠬᠦᠷᠬᠡᠭᠳᠡᠭᠰᠡᠨ ᠮᠤᠵᠢ ᠶᠢᠨ ᠵᠡᠷᠬᠡᠯᠡᠯ ᠤᠨ ᠰᠢᠯᠢᠳᠡᠭ ᠰᠤᠷᠤᠭᠴᠢ ᠶᠢ ᠡᠯᠰᠡᠬᠦ ᠦᠬᠡᠢ᠃ ᠵᠠᠷᠢᠮ ᠭᠠᠳᠠᠭᠠᠳᠤ ᠬᠡᠯᠡᠨ ᠤ ᠳᠤᠮᠳᠠᠳᠤ ᠰᠤᠷᠭᠠᠭᠤᠯᠢ ᠡᠴᠡ ᠳᠠᠨᠢᠯᠴᠠᠭᠤᠯᠤᠭᠰᠠᠨ ᠰᠢᠯᠢᠳᠡᠭ ᠰᠤᠷᠤᠭᠴᠢ ᠶᠢ ᠶᠡᠬᠡ ᠰᠤᠷᠭᠠᠭᠤᠯᠢ ᠳᠤ ᠪᠠᠳᠤᠯᠠᠨ ᠬᠦᠷᠬᠡᠬᠦ ᠨᠤᠷᠮ᠎ᠠ ᠶᠢ ᠠᠭᠠᠵᠢᠮ ᠢᠶᠡᠷ ᠪᠠᠭᠠᠰᠬᠠᠨ᠎ᠠ᠃ ᠬᠡᠬᠦ ᠳ᠋ᠡᠬᠡᠨ ᠭᠠᠳᠠᠭᠠᠳᠤ ᠬᠡᠯᠡ ᠤᠳᠬ᠎ᠠ ᠵᠤᠬᠢᠶᠠᠯ ᠤᠨ ᠮᠡᠷᠬᠡᠵᠢᠯ ᠢᠶᠡᠷ ᠪᠠᠳᠤᠯᠠᠨ ᠬᠦᠷᠬᠡᠭᠳᠡᠭᠰᠡᠨ ᠰᠤᠷᠤᠭᠴᠢ ᠶᠢ ᠡᠯᠰᠡᠵᠤ᠂ ᠤᠯᠤᠰ ᠤᠨ 《ᠨᠢᠬᠡ ᠪᠦᠰᠡ ᠨᠢᠬᠡ ᠵᠠᠮ》ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠳᠤ ᠬᠠᠨᠳᠤᠭᠤᠯᠤᠨ ᠨᠡᠶᠢᠳᠡᠮ ᠤᠨ ᠬᠡᠷᠡᠭᠯᠡᠬᠡᠨ ᠤ ᠪᠤᠰᠤ ᠳᠦᠷᠦᠯ ᠤᠨ ᠦᠬᠡ ᠬᠡᠯᠡ ᠦᠰᠦᠭ ᠪᠢᠴᠢᠭ᠌ ᠤᠨ ᠮᠡᠷᠬᠡᠵᠢᠯ ᠢᠶᠡᠷ ᠭᠤᠤᠯᠴᠢᠯᠠᠨ ᠡᠯᠰᠡᠨ᠎ᠡ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120269799