蒙古文网站Logo
ᠰᠢᠨᠬᠤᠸᠠ ᠮᠤᠩᠭ᠋ᠤᠯ ᠨᠧᠲ

ᠶᠡᠬᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠡᠯ ᠳ᠋ᠡᠬᠢ 8 ᠵᠢᠯ ᠶᠠᠫᠤᠨ ᠢ ᠡᠰᠡᠷᠬᠦᠴᠡᠭᠰᠡᠨ ᠳᠠᠶᠢᠨ ᠤ ᠳᠡᠤᠬᠡᠨ ᠤᠨ ᠵᠢᠯ ᠢ 14 ᠵᠢᠯ ᠪᠤᠯᠭᠠᠨ ᠬᠤᠪᠢᠷᠠᠭᠤᠯᠤᠨ᠎ᠠ

2017-01-12 10:17

    ᠰᠢᠨᠬᠤᠧᠠ ᠬᠤᠷᠢᠶ᠎ᠠ   ᠪᠡᠬᠡᠵᠢᠩ ᠤᠨ 1 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠬᠡ   ᠰᠤᠷᠪᠤᠯᠵᠢᠯᠠᠭᠴᠢ ᠤᠶᠢᠷ᠎ᠠ ᠶᠢᠨ ᠡᠳᠦᠷ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠢᠶᠡᠷ᠂ 2017 ᠤᠨ ᠤ ᠬᠠᠪᠤᠷ ᠡᠬᠢᠯᠡᠬᠦ ᠰᠤᠷᠤᠯᠭ᠎ᠠ ᠶᠢᠨ ᠬᠤᠭᠤᠴᠠᠭᠠᠨ ᠤ ᠵᠢᠭᠠᠬᠤ ᠮᠠᠲ᠋ᠧᠷᠢᠶᠠᠯ ᠳᠤ 14 ᠵᠢᠯ ᠶᠠᠫᠤᠨ ᠢ ᠡᠰᠡᠷᠬᠦᠴᠡᠭᠰᠡᠨ ᠳᠠᠶᠢᠨ ᠬᠡᠮᠡᠬᠦ ᠤᠬᠠᠭᠳᠠᠬᠤᠨ ᠢ ᠬᠡᠷᠡᠭᠯᠡᠵᠤ᠂ ᠦᠩᠬᠡᠷᠡᠭᠰᠡᠨ ᠤ 8 ᠵᠢᠯ ᠶᠠᠫᠤᠨ ᠢ ᠡᠰᠡᠷᠬᠦᠴᠡᠭᠰᠡᠨ ᠳᠠᠶᠢᠨ ᠤ ᠳᠡᠤᠬᠡᠨ ᠤᠨ ᠵᠢᠯ ᠢ 14 ᠵᠢᠯ ᠪᠤᠯᠭᠠᠨ ᠬᠤᠪᠢᠷᠠᠭᠤᠯᠬᠤ ᠪᠡᠷ ᠳᠤᠭᠳᠠᠵᠠᠢ᠃

    ᠳᠠᠨᠢᠯᠴᠠᠭᠤᠯᠤᠭᠰᠠᠨ ᠢᠶᠡᠷ᠂ ᠡᠨᠡᠬᠦ ᠦᠬᠡᠷᠡᠴᠢᠯᠡᠯᠳᠡ ᠨᠢ ᠶᠠᠫᠤᠨ ᠢ ᠡᠰᠡᠷᠬᠦᠴᠡᠭᠰᠡᠨ 8 ᠵᠢᠯ ᠬᠡᠮᠡᠬᠦ ᠤᠬᠠᠭᠳᠠᠬᠤᠨ ᠢ ᠦᠬᠡᠶᠢᠰᠬᠡᠭᠰᠡᠨ ᠤᠴᠢᠷ ᠪᠢᠰᠢ᠂ ᠬᠠᠷᠢᠨ ᠳᠡᠤᠬᠡ ᠶᠢᠨ ᠪᠦᠬᠦᠶᠢᠯᠡ ᠴᠤᠭᠴᠠ ᠶᠢ ᠬᠠᠮᠤᠷᠤᠭᠰᠠᠨ ᠤᠴᠢᠷ ᠪᠤᠯᠤᠨ᠎ᠠ᠃ ᠳᠤᠮᠳᠠᠳᠤ ᠤᠯᠤᠰ ᠤᠨ ᠶᠠᠫᠤᠨ ᠢ ᠡᠰᠡᠷᠬᠦᠴᠡᠭᠰᠡᠨ ᠳᠠᠶᠢᠨ ᠤ ᠳᠡᠤᠬᠡᠨ ᠳᠤ᠂ 8 ᠵᠢᠯ ᠤᠨ ᠶᠠᠫᠤᠨ ᠢ ᠡᠰᠡᠷᠬᠦᠴᠡᠭᠰᠡᠨ ᠳᠠᠶᠢᠨ ᠬᠡᠳᠡᠭ ᠨᠢ 1937 ᠤᠨ ᠤ 《7 ᠰᠠᠷ᠎ᠠ ᠶᠢᠨ 7 ᠤ ᠬᠡᠷᠡᠭ ᠬᠤᠪᠢᠰᠤᠯ》 ᠡᠬᠦᠰᠦᠭᠰᠡᠨ ᠤ ᠳᠠᠷᠠᠭᠠᠬᠢ ᠤᠯᠤᠰ ᠲᠠᠶᠠᠭᠠᠷ ᠤᠨ ᠳᠠᠶᠢᠨ ᠢ ᠵᠢᠭᠠᠳᠠᠭ᠃ 14 ᠵᠢᠯ ᠤᠨ ᠶᠠᠫᠤᠨ ᠢ ᠡᠰᠡᠷᠬᠦᠴᠡᠭᠰᠡᠨ ᠳᠠᠶᠢᠨ ᠬᠡᠳᠡᠭ ᠨᠢ 1931 ᠤᠨ ᠤ 《9 ᠰᠠᠷ᠎ᠠ ᠶᠢᠨ 18 ᠤ ᠬᠡᠷᠡᠭ ᠬᠤᠪᠢᠰᠤᠯ》 ᠡᠬᠦᠰᠦᠭᠰᠡᠨ ᠤ ᠳᠠᠷᠠᠭᠠᠬᠢ ᠳᠠᠶᠢᠨ ᠡᠴᠡ ᠡᠬᠢᠯᠡᠵᠤ ᠳᠤᠭᠠᠴᠠᠭᠰᠠᠨ ᠪᠠᠶᠢᠵᠤ᠂ ᠵᠠᠷᠢᠮ ᠭᠠᠵᠠᠷ ᠤᠷᠤᠨ ᠤ ᠳᠠᠶᠢᠨ ᠪᠤᠯᠤᠨ ᠤᠯᠤᠰ ᠲᠠᠶᠠᠭᠠᠷ ᠤᠨ ᠳᠠᠶᠢᠨ ᠢ ᠪᠦᠬᠦᠨ ᠢ ᠪᠠᠭᠳᠠᠭᠠᠵᠠᠢ᠃

    ᠰᠤᠷᠭᠠᠨ ᠬᠦᠮᠦᠵᠢᠯ ᠤᠨ ᠶᠠᠮᠤᠨ ᠤ ᠬᠢᠨ ᠢᠯᠡᠷᠬᠡᠶᠢᠯᠡᠬᠦ ᠳ᠋ᠡᠬᠡᠨ᠂ ᠵᠢᠭᠠᠬᠤ ᠮᠠᠲ᠋ᠧᠷᠢᠶᠠᠯ ᠳᠤ ᠡᠶᠢᠨᠬᠦ ᠦᠬᠡᠷᠡᠴᠢᠯᠡᠯᠳᠡ ᠬᠢᠬᠦ ᠨᠢ ᠶᠠᠫᠤᠨ ᠢ ᠡᠰᠡᠷᠬᠦᠴᠡᠭᠰᠡᠨ ᠳᠠᠶᠢᠨ ᠤ ᠡᠮᠦᠨ᠎ᠡ ᠬᠤᠶᠢᠨᠠᠬᠢ ᠳᠡᠤᠬᠡᠨ ᠶᠠᠪᠤᠴᠠ ᠶᠢ ᠪᠦᠬᠦᠯᠢ ᠴᠤᠭᠴᠠ ᠳᠤ ᠨᠢ ᠬᠠᠷᠠᠭᠠᠯᠵᠠᠭᠰᠠᠨ ᠶᠠᠪᠤᠳᠠᠯ᠂ ᠮᠦᠨ ᠴᠤ ᠳᠦᠪ ᠡᠴᠡ ᠳᠤᠮᠳᠠᠳᠤ ᠤᠯᠤᠰ ᠤᠨ ᠶᠠᠫᠤᠨ ᠢ ᠡᠰᠡᠷᠬᠦᠴᠡᠭᠰᠡᠨ ᠳᠠᠶᠢᠨ ᠢᠯᠠᠯᠳᠠ ᠤᠯᠤᠭᠰᠠᠨ ᠵᠢᠴᠢ ᠳᠡᠯᠡᠬᠡᠢ ᠶᠢᠨ ᠹᠠᠱᠢᠰ ᠢ ᠡᠰᠡᠷᠬᠦᠴᠡᠬᠦ ᠳᠠᠶᠢᠨ ᠢᠯᠠᠯᠳᠠ ᠤᠯᠤᠭᠰᠠᠨ 70 ᠵᠢᠯ ᠤᠨ ᠤᠢ ᠶᠢ ᠳᠤᠷᠠᠰᠬᠠᠨ ᠳᠡᠮᠳᠡᠭᠯᠡᠭᠰᠡᠨ ᠤ ᠵᠤᠷᠢᠭ ᠰᠠᠨᠠᠭ᠎ᠠ ᠶᠢ ᠳᠤᠤᠱᠯᠠᠭᠤᠯᠵᠤ᠂ ᠡᠬᠡ ᠤᠷᠤᠨᠴᠢ ᠬᠦᠮᠦᠵᠢᠯ ᠢ ᠴᠢᠩᠭᠠᠳᠬᠠᠬᠤ ᠶᠢᠨ ᠳᠤᠰᠠᠳᠠ ᠶᠤᠮ᠃ ᠵᠢᠭᠠᠬᠤ ᠮᠠᠲ᠋ᠧᠷᠢᠶᠠᠯ ᠤᠨ ᠦᠬᠡᠷᠡᠴᠢᠯᠡᠯᠳᠡ ᠳᠤ ᠶᠡᠬᠡ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ᠂ ᠬᠤᠯᠪᠤᠭᠳᠠᠬᠤ ᠪᠦᠬᠦ ᠬᠢᠴᠢᠶᠡᠯ ᠳᠦᠷᠦᠯ᠂ ᠤᠯᠤᠰ ᠤᠨ ᠬᠢᠴᠢᠶᠡᠯ ᠳᠦᠷᠦᠯ ᠪᠤᠯᠤᠨ ᠤᠷᠤᠨ ᠨᠤᠳᠤᠭ ᠤᠨ ᠬᠢᠴᠢᠶᠡᠯ ᠳᠦᠷᠦᠯ ᠤᠨ ᠵᠢᠭᠠᠬᠤ ᠮᠠᠲ᠋ᠧᠷᠢᠶᠠᠯ ᠪᠦᠬᠦᠨ ᠢᠶᠡᠷ ᠢᠶᠡᠨ ᠪᠠᠭᠳᠠᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120295941