蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠢᠷᠭᠤᠳᠤᠭᠠᠷ ᠬᠤᠷᠠᠯ ᠡᠬᠢᠯᠡᠪᠡ

2017-01-14 13:11

    ᠰᠢᠨᠬᠤᠧᠠ ᠨᠧᠲ   ᠬᠦᠬᠡᠬᠤᠳᠠ ᠶᠢᠨ 1 ᠰᠠᠷ᠎ᠠ ᠶᠢᠨ 14 ᠤ ᠡᠳᠦᠷ ᠤᠨ ᠴᠠᠬᠢᠯᠭᠠᠨ ᠮᠡᠳᠡᠬᠡ (ᠬᠤᠤ ᠹᠠᠩ ᠹᠠᠩ᠂ ᠼᠤᠤ ᠵᠧᠨ) 2017 ᠤᠨ ᠤ 1 ᠰᠠᠷ᠎ᠠ 14 ᠤ ᠦᠳᠡ ᠶᠢᠨ ᠡᠮᠦᠨᠡᠬᠢ 09᠄00 ᠴᠠᠭ ᠲᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠢᠷᠭᠤᠳᠤᠭᠠᠷ ᠬᠤᠷᠠᠯ ᠬᠦᠬᠡᠬᠤᠳᠠ ᠳᠤ ᠦᠪᠡᠳᠡᠭᠰᠢ ᠶᠡᠬᠡᠪᠡᠷ ᠡᠬᠢᠯᠡᠪᠡ᠃

    ᠶᠡᠬᠡ ᠬᠤᠷᠠᠯ ᠤᠨ ᠬᠦᠢᠴᠡᠳᠬᠡᠬᠦ ᠳᠡᠷᠢᠬᠦᠯᠡᠭᠴᠢ᠂ ᠳᠡᠷᠢᠬᠦᠯᠡᠭᠴᠢ ᠶᠢᠨ ᠪᠠᠭ ᠤᠨ ᠪᠠᠶᠢᠩᠭᠤ ᠶᠢᠨ ᠳᠡᠷᠢᠬᠦᠯᠡᠭᠴᠢ ᠯᠢ ᠵᠢᠢ ᠡᠾᠧᠩ ᠬᠤᠷᠠᠯ ᠢ ᠡᠷᠬᠢᠯᠡᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠬᠢᠪᠡ᠃

    ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ᠂ 2016 ᠤᠨ ᠳᠤ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠶᠡᠷᠦᠩᠬᠡᠢ ᠳ᠋ᠡᠬᠡᠨ ᠳᠤᠭᠳᠠᠭᠤᠨ ᠪᠠᠶᠢᠵᠤ᠂ ᠦᠢᠯᠡᠳᠪᠦᠷᠢᠯᠡᠯ ᠤᠨ ᠶᠡᠷᠦᠩᠬᠡᠢ ᠦᠷᠳᠡᠭ 1.9 ᠳᠦᠮᠡᠨ ᠳ᠋ᠦᠩᠰᠢᠭᠤᠷ ᠳᠦᠬᠦᠷᠢᠭ᠌ ᠲᠤ ᠬᠦᠷᠴᠤ 7.3% ᠪᠡᠷ ᠨᠡᠮᠡᠭᠳᠡᠭᠰᠡᠨ; ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠦᠬᠡᠷᠡᠴᠢᠯᠡᠯᠳᠡ ᠢᠯᠡᠷᠬᠡᠢ ᠦᠷ᠎ᠠ ᠳ᠋ᠦᠩ ᠲᠠᠢ ᠪᠤᠯᠵᠤ ᠨᠡᠬᠦᠷᠡᠰᠦ᠂ ᠳᠤᠯᠠᠭᠠᠨ ᠤ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ ᠵᠡᠷᠬᠡ ᠶᠢᠨ ᠨᠡᠮᠡᠯᠳᠡ ᠦᠷᠳᠡᠭ ᠤᠨ ᠬᠡᠮᠵᠢᠶ᠎ᠡ 1.6 ᠵᠠᠭᠤᠨ ᠤ ᠬᠠᠷᠢᠴᠠᠯ ᠢᠶᠡᠷ ᠪᠠᠭᠠᠰᠴᠠᠢ᠃ 2017 ᠤᠨ ᠳᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 7.5% ᠪᠡᠷ ᠨᠡᠮᠡᠭᠳᠡᠬᠦᠯᠵᠤ᠂ ᠬᠤᠳᠠ ᠬᠦᠳᠡᠬᠡ ᠶᠢᠨ ᠰᠠᠭᠤᠭᠠᠯᠢ ᠢᠷᠬᠡᠳ ᠤᠨ ᠬᠦᠮᠦᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰ ᠪᠦᠷᠢ 8‍%᠂ 8.5% ᠪᠡᠷ ᠨᠡᠮᠡᠭᠳᠡᠬᠦᠯᠦᠨ᠂ ᠬᠤᠳᠠ ᠪᠠᠯᠭᠠᠰᠤᠨ ᠤ 25 ᠳᠦᠮᠡᠨ ᠬᠦᠮᠦᠨ ᠳᠤ ᠰᠢᠨ᠎ᠡ ᠪᠡᠷ ᠠᠵᠢᠯ ᠤᠨ ᠪᠠᠶᠢᠷᠢ ᠬᠠᠩᠭᠠᠨ᠎ᠠ ᠬᠡᠵᠡᠢ᠃

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠵᠢᠷᠭᠤᠳᠤᠭᠠᠷ ᠬᠤᠷᠠᠯ᠂ 1 ᠰᠠᠷ᠎ᠠ ᠶᠢᠨ 14 ᠡᠴᠡ 18 ᠤ ᠡᠳᠦᠷ ᠪᠤᠯᠳᠠᠯ᠎ᠠ ᠬᠤᠷᠠᠯᠳᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120701120311103