蒙古文网站Logo
ᠰᠢᠨᠬᠤᠸᠠ ᠮᠤᠩᠭ᠋ᠤᠯ ᠨᠧᠲ

ᠲᠦᠷᠦ ᠶᠢᠨ ᠶᠠᠪᠤᠳᠠᠯ ᠤᠨ ᠬᠤᠷᠢᠶ᠎ᠠ《ᠪᠦᠬᠦ ᠤᠯᠤᠰ ᠤᠨ ᠭᠠᠵᠠᠷ ᠰᠢᠷᠤᠢ ᠶᠢᠨ ᠲᠦᠯᠥᠪᠵᠢᠬᠦᠯᠬᠡ ᠶᠢᠨ ᠬᠦᠳᠦᠯᠪᠤᠷᠢ (2016 - 2030 ᠤᠨ)》 ᠶᠢ ᠲᠠᠷᠤᠮᠠᠯᠯᠠᠨ ᠲᠠᠷᠬᠠᠭᠠᠪᠠ

2017-02-06 10:50

    ᠶᠡᠷᠤᠩᠬᠡᠢ ᠰᠠᠶᠢᠳ ᠯᠢ ᠺᠧ ᠴᠢᠶᠠᠩ ᠤᠨ ᠵᠦᠪᠰᠢᠶᠡᠷᠡᠯ ᠢᠶᠠᠷ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠬᠦᠬᠡᠨ《ᠪᠦᠬᠦ ᠤᠯᠤᠰ ᠤᠨ ᠭᠠᠵᠠᠷ ᠰᠢᠷᠤᠢ ᠶᠢᠨ ᠲᠦᠯᠥᠪᠵᠢᠬᠦᠯᠬᠡ ᠶᠢᠨ ᠬᠦᠳᠦᠯᠪᠤᠷᠢ (2016-2030 ᠤᠨ)》(ᠲᠤᠷᠤᠭᠰᠢ《ᠬᠦᠳᠦᠯᠪᠤᠷᠢ》ᠭᠡᠵᠥ ᠲᠦᠬᠦᠮᠴᠢᠯᠡᠨ᠎ᠡ) ᠶ᠋ᠢ ᠲᠠᠷᠤᠮᠠᠯᠯᠠᠨ ᠲᠠᠷᠬᠠᠭᠠᠪᠠ᠃ ᠡᠨᠡ ᠨᠢ ᠮᠠᠨ ᠤ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠪᠡ ᠬᠠᠮᠠᠭᠠᠯᠠᠬᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ᠂ ᠶᠡᠷᠤᠩᠬᠡᠶᠢᠯᠡᠭᠰᠡᠡ ᠴᠢᠨᠠᠷᠳᠠᠢ᠂ ᠰᠠᠭᠤᠷᠢ ᠴᠢᠨᠠᠷᠳᠠᠢ ᠠᠩᠬᠠᠨ ᠤ ᠲᠦᠯᠥᠪᠵᠢᠬᠦᠯᠬᠡ ᠪᠤᠯᠤᠨ᠎ᠠ᠂ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ᠂ ᠬᠠᠮᠠᠭᠠᠯᠠᠬᠤ᠂ ᠴᠡᠭᠴᠡᠯᠡᠨ ᠵᠠᠰᠠᠬᠤ ᠳᠤ ᠬᠤᠯᠪᠤᠭᠳᠠᠭᠰᠠᠠ ᠡᠯ᠎ᠡ ᠲᠦᠷᠦᠯ ᠤᠨ ᠠᠵᠢᠯᠯᠠᠭ᠎ᠠ ᠳᠤ ᠵᠢᠯᠤᠭᠤᠳᠬᠤ ᠪᠠ ᠬᠠᠮᠢᠶᠠᠷᠤᠨ ᠡᠵᠡᠮᠳᠡᠬᠦ ᠦᠢᠯᠡᠳᠦᠯ ᠲᠠᠢ ᠶᠤᠮ᠃

    《ᠬᠦᠳᠦᠯᠪᠤᠷᠢ》 ᠳ᠋ᠤ᠂ ᠤᠷᠤᠨ ᠪᠦᠰᠡ ᠶᠢᠨ ᠬᠦᠭ᠍ᠵᠢᠯᠳᠡ ᠶᠢᠨ ᠶᠡᠷᠤᠩᠬᠡᠢ ᠪᠠᠶᠢᠯᠳᠤᠬᠤ ᠪᠤᠳᠤᠯᠭ᠎ᠠ ᠪᠤᠯᠤᠨ ᠭᠤᠤᠯ ᠴᠤᠭᠴᠠ ᠶᠢᠨ ᠴᠢᠳᠡᠪᠬᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠥ᠂ ᠤᠯᠤᠰ ᠤᠨ ᠭᠠᠵᠠᠷ ᠰᠢᠷᠤᠢ ᠶᠢᠨ ᠨᠡᠬᠡᠬᠡᠨ ᠠᠰᠢᠬᠯᠠᠯᠳᠡ᠂ ᠡᠬᠢ ᠪᠠᠶᠠᠯᠢᠭ ᠤᠨ ᠤᠷᠴᠢᠨ ᠲᠤᠭᠤᠷᠢᠨ ᠤ ᠬᠠᠮᠠᠭᠠᠯᠠᠯᠳᠠ᠂ ᠤᠯᠤᠰ ᠤᠨ ᠭᠠᠵᠠᠷ ᠰᠢᠷᠤᠢ ᠶᠢᠨ ᠶᠡᠷᠤᠩᠬᠡᠶᠢᠯᠡᠭᠰᠡᠡ ᠴᠡᠭᠴᠡᠯᠡᠨ ᠵᠠᠰᠠᠯᠳᠠ ᠪᠤᠯᠤᠨ ᠪᠠᠳᠤᠯᠠᠪᠤᠷᠢ ᠶᠢᠨ ᠰᠢᠰᠲ᠋ᠧᠮ ᠤᠨ ᠪᠠᠶᠢᠭᠤᠯᠤᠯᠳᠠ ᠵᠡᠷᠬᠡ ᠳᠤ ᠶᠡᠷᠤᠩᠬᠡᠢ ᠪᠠᠶᠢᠷᠢᠯᠠᠭᠤᠯᠤᠯᠳᠠ ᠪᠤᠯᠤᠨ ᠨᠢᠬᠡᠳᠤᠯᠳᠡᠢ ᠲᠤᠬᠢᠷᠠᠭᠤᠯᠤᠯᠳᠠ ᠬᠢᠬᠦ ᠬᠡᠷᠡᠭᠳᠡᠢ᠃ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠪᠠᠶᠢᠷᠢᠰᠢᠯ ᠢ ᠤᠯᠠᠮ ᠴᠢᠨᠠᠭᠰᠢᠳᠠ ᠰᠢᠯᠢᠳᠡᠭᠵᠢᠬᠦᠯᠵᠥ᠂ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠶᠠᠰᠤ ᠴᠢᠨᠠᠷ ᠢ ᠲᠡᠭᠡᠭ᠍ᠰᠢᠯᠡᠬᠦᠯᠵᠥ᠂ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠲᠡᠰ ᠲᠠᠷᠠᠭᠠᠯᠠᠯ ᠢ ᠵᠢᠷᠤᠮᠵᠢᠭᠤᠯᠬᠤ ᠬᠡᠷᠡᠭᠳᠡᠢ᠃ ᠦᠢᠯᠡᠳᠪᠤᠷᠢᠯᠡᠯ᠂ ᠠᠮᠢᠳᠤᠷᠠᠯ᠂ ᠪᠠᠶᠢᠭᠠᠯᠢ ᠤᠷᠴᠢᠨ ᠢ ᠰᠢᠯᠢᠳᠡᠭᠵᠢᠬᠦᠯᠵᠥ᠂ ᠪᠠᠶᠢᠭᠠᠯᠢ ᠤᠷᠴᠢᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠵᠥ᠂ ᠤᠯᠤᠰ ᠤᠨ ᠭᠠᠵᠠᠷ ᠰᠢᠷᠤᠢ ᠶᠢᠨ ᠲᠦᠯᠥᠪᠵᠢᠬᠦᠯᠬᠡ ᠶᠢᠨ ᠰᠢᠰᠲ᠋ᠧᠮ ᠢ ᠪᠦᠷᠢᠨᠰᠢᠬᠦᠯᠬᠦ ᠪᠡ ᠤᠯᠤᠰ ᠤᠨ ᠭᠠᠵᠠᠷ ᠰᠢᠷᠤᠢ ᠶᠢ ᠴᠡᠭᠴᠡᠯᠡᠨ ᠵᠠᠰᠠᠬᠤ ᠴᠢᠳᠠᠪᠤᠷᠢ ᠶᠢ ᠲᠡᠭᠡᠭ᠍ᠰᠢᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃

    《ᠬᠦᠳᠦᠯᠪᠤᠷᠢ》 ᠳ᠋ᠤ ᠤᠯᠤᠰ ᠤᠨ ᠭᠠᠵᠠᠷ ᠰᠢᠷᠤᠢ ᠶᠢ ᠲᠦᠪᠯᠡᠷᠡᠬᠦᠯᠥᠨ ᠨᠡᠬᠡᠬᠡᠨ ᠠᠰᠢᠬᠯᠠᠬᠤ᠂ ᠲᠦᠷᠦᠯ ᠬᠤᠪᠢᠶᠠᠨ ᠬᠠᠮᠠᠭᠠᠯᠠᠬᠤ᠂ ᠶᠡᠷᠤᠩᠬᠡᠶᠢᠯᠡᠨ ᠴᠡᠭᠴᠡᠯᠡᠨ ᠵᠠᠰᠠᠬᠤ ᠪᠠ ᠤᠷᠤᠨ ᠪᠦᠰᠡ ᠬᠤᠯᠪᠤᠭᠠᠯᠠᠨ ᠬᠦᠭ᠍ᠵᠢᠬᠦᠯᠬᠦ ᠶᠢ ᠪᠦᠬᠦ ᠲᠠᠯ᠎ᠠ ᠪᠠᠷ ᠵᠤᠬᠢᠴᠠᠭᠤᠯᠬᠤ ᠪᠡ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠭᠤᠤᠯ ᠡᠬᠦᠷᠬᠡ ᠶᠢ ᠪᠠᠶᠢᠷᠢᠯᠠᠭᠤᠯᠪᠠ᠃ ᠨᠢᠬᠡ ᠳᠤ᠂《ᠤᠯᠠᠨ ᠲᠦᠪ ᠪᠦᠬᠦᠢ ᠰᠦᠯᠵᠢᠶᠡᠨ ᠤ ᠪᠦᠲᠦᠴᠡ》 ᠲᠠᠢ ᠨᠡᠬᠡᠬᠡᠨ ᠠᠰᠢᠬᠯᠠᠬᠤ ᠴᠢᠭ ᠪᠠᠶᠢᠭᠤᠯᠵᠥ᠂ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠲᠦᠪᠯᠡᠷᠡᠭᠰᠡᠡ ᠤᠷᠤᠨ ᠢ ᠪᠠᠶᠢᠭᠤᠯᠬᠤ ᠪᠠ ᠤᠯᠤᠰ ᠤᠨ ᠭᠠᠵᠠᠷ ᠰᠢᠷᠤᠢ ᠶᠢ ᠨᠡᠬᠡᠬᠡᠨ ᠠᠰᠢᠬᠯᠠᠬᠤ ᠲᠡᠩᠬᠡᠯᠢᠭ᠌᠌ ᠪᠦᠰᠡ ᠶᠢ ᠪᠤᠶᠢᠵᠢᠭᠤᠯᠬᠤ ᠶᠢ ᠠᠬᠢᠭᠤᠯᠤᠨ᠎ᠠ᠃ ᠬᠤᠶᠠᠷ ᠲᠤ᠂ ᠲᠦᠷᠦᠯ ᠲᠡᠰ ᠬᠤᠪᠢᠶᠠᠨ ᠪᠦᠬᠦ ᠤᠷᠤᠨ ᠪᠦᠰᠡ ᠪᠠᠷ ᠬᠠᠮᠠᠭᠠᠯᠠᠬᠤ ᠴᠢᠭ ᠢ ᠪᠠᠶᠢᠭᠤᠯᠵᠥ᠂ ᠤᠷᠴᠢᠨ ᠲᠤᠭᠤᠷᠢᠨ ᠤ ᠶᠠᠰᠤ ᠴᠢᠨᠠᠷ᠂ ᠰᠠᠭᠤᠷᠢᠰᠢᠯ ᠤᠨ ᠤᠷᠤᠨ᠂ ᠪᠠᠶᠢᠭᠠᠯᠢ ᠶᠢᠨ ᠠᠮᠢ ᠠᠬᠤᠢ᠂ ᠤᠰᠤᠨ ᠤ ᠰᠤᠷᠪᠤᠯᠵᠢ ᠪᠤᠯᠤᠨ ᠲᠠᠷᠢᠶᠠᠨ ᠭᠠᠵᠠᠷ ᠤᠨ ᠡᠬᠢ ᠪᠠᠶᠠᠯᠢᠭ ᠵᠡᠷᠬᠡ 5 ᠶᠡᠭᠡ ᠲᠦᠷᠦᠯ ᠤᠨ ᠡᠬᠢ ᠪᠠᠶᠠᠯᠢᠭ ᠤᠷᠴᠢᠨ ᠲᠤᠭᠤᠷᠢᠨ ᠤ ᠭᠤᠤᠯ ᠰᠡᠳᠤᠪ ᠢ ᠦᠨᠳᠦᠰᠦᠯᠡᠨ ᠲᠦᠷᠦᠯ ᠬᠤᠪᠢᠶᠠᠨ ᠬᠠᠮᠠᠭᠠᠯᠠᠬᠤ ᠶᠢ ᠬᠡᠷᠡᠭᠵᠢᠬᠦᠯᠥᠨ᠎ᠡ᠃ ᠭᠤᠷᠪᠠ ᠳᠤ᠂ ᠶᠡᠷᠤᠩᠬᠡᠶᠢᠯᠡᠨ ᠴᠡᠭᠴᠡᠯᠡᠨ ᠵᠠᠰᠠᠬᠤ ᠴᠢᠭ ᠢ ᠪᠠᠶᠢᠭᠤᠯᠵᠥ᠂ ᠭᠤᠤᠯ ᠪᠤᠯᠬᠤ ᠬᠤᠳᠠ᠂ ᠬᠦᠳᠡᠭᠡ ᠲᠤᠰᠬᠤᠨ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠤ ᠤᠷᠤᠨ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠭ᠍ᠰᠡᠨ ᠤᠷᠤᠨ ᠵᠢᠴᠢ ᠲᠠᠯᠠᠢ ᠲᠠᠭᠠᠤ ᠤᠷᠤᠨ ᠪᠤᠯᠤᠨ ᠠᠷᠠᠯ ᠵᠡᠷᠬᠡ ᠤᠯᠤᠰ ᠤᠨ ᠭᠠᠵᠠᠷ ᠰᠢᠷᠤᠢ ᠶᠢᠨ ᠴᠢᠳᠠᠪᠬᠢ ᠶᠢ ᠰᠡᠷᠬᠦᠬᠡᠵᠥ ᠲᠡᠭᠡᠭ᠍ᠰᠢᠯᠡᠬᠦᠯᠥᠨ᠎ᠡ᠃ 《ᠬᠦᠳᠦᠯᠪᠤᠷᠢ》 ᠳ᠋ᠤ᠂ ᠤᠯᠤᠰ ᠤᠨ ᠭᠠᠵᠠᠷ ᠰᠢᠷᠤᠢ ᠶᠢᠨ ᠬᠡᠷᠡᠭᠴᠡᠭᠡ ᠶᠢᠨ ᠬᠠᠮᠢᠶᠠᠷᠤᠯᠳᠠ ᠶᠢ ᠴᠢᠩᠭ᠋ᠠᠳᠬᠠᠵᠥ᠂ ᠡᠨᠧᠷᠬᠢ ᠡᠬᠢ ᠪᠠᠶᠠᠯᠢᠭ ᠢ ᠬᠠᠮᠠᠭᠠᠯᠠᠬᠤ ᠴᠢᠳᠠᠪᠤᠷᠢ ᠶᠢ ᠲᠡᠭᠡᠭ᠍ᠰᠢᠯᠡᠬᠦᠯᠵᠥ᠂《ᠤᠷᠤᠰᠢᠨ ᠲᠤᠬᠳᠠᠨᠢᠬᠤ ᠱᠤᠭᠤᠮ》ᠭᠠᠷᠭᠠᠵᠥ᠂ ᠲᠠᠷᠢᠶᠠᠨ ᠭᠠᠵᠠᠷ ᠪᠤᠯᠤᠨ ᠤᠰᠤᠨ ᠤ ᠰᠤᠷᠪᠤᠯᠵᠢ ᠶᠢ ᠴᠢᠩᠭ᠋᠎ᠠ ᠬᠠᠮᠠᠭᠠᠯᠠᠨ᠎ᠠ᠃《ᠠᠮᠢ ᠠᠬᠤᠢ ᠶᠢᠨ ᠱᠤᠭᠤᠮ》ᠭᠠᠷᠭᠠᠵᠤ᠂ ᠬᠡᠷᠡᠭᠴᠡᠭᠡ ᠶᠢᠨ ᠬᠠᠮᠢᠶᠠᠷᠤᠯᠳᠠ ᠶᠢ ᠪᠤᠢ ᠪᠦᠬᠦᠢ ᠪᠠᠶᠢᠭᠠᠯᠢ ᠶᠢᠨ ᠠᠮᠢ ᠠᠬᠤᠢ ᠶᠢᠨ ᠤᠷᠤᠨ ᠬᠦᠷᠳᠡᠯ᠎ᠡ ᠦᠷᠭᠡᠳᠭᠡᠨ᠎ᠡ᠃《ᠪᠠᠳᠤᠯᠠᠭ᠎ᠠ ᠶᠢᠨ ᠱᠤᠭᠤᠮ》ᠭᠠᠷᠭᠠᠵᠥ᠂ ᠠᠵᠥ ᠠᠬᠤᠢ ᠨᠡᠶᠢᠭᠡᠮ ᠤᠨ ᠬᠦᠭ᠍ᠵᠢᠯᠳᠡ ᠳᠤ ᠬᠡᠷᠡᠭᠰᠡᠬᠦ ᠪᠦᠳᠦᠭᠡᠨ ᠪᠠᠶᠢᠭᠤᠯᠤᠯᠳᠠ ᠶᠢᠨ ᠬᠡᠷᠡᠭᠯᠡᠭᠡᠨ ᠤ ᠭᠠᠵᠠᠷ᠂ ᠡᠨᠧᠷᠬᠢ ᠪᠤᠯᠤᠨ ᠴᠢᠬᠤᠯᠠ ᠠᠭᠤᠷᠬᠠᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠨ᠎ᠠ ᠬᠡᠵᠥ ᠲᠤᠷᠠᠳᠪᠠ᠃

ᠢᠷᠡᠯᠳᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
关闭
010070230030000000000000011120691120417017