蒙古文网站Logo
ᠰᠢᠨᠬᠤᠸᠠ ᠮᠤᠩᠭ᠋ᠤᠯ ᠨᠧᠲ

2020 ᠤᠨ ᠪᠤᠯᠬᠤ ᠳᠤ ᠮᠠᠨ ᠤ ᠤᠯᠤᠰ ᠤᠨ ᠬᠦᠮᠦᠨ ᠠᠮᠠ 14.2 ᠳ᠋ᠦ᠋ᠩᠰᠢᠭᠤᠷ ᠤᠷᠴᠢᠮ ᠬᠦᠷᠦᠨ᠎ᠡ

2017-02-07 17:16

    ᠰᠢᠨᠬᠤᠸᠠ ᠬᠤᠷᠶᠢ᠎ᠠ  ᠪᠡᠭᠡᠵᠢᠩ ᠤᠨ 2 ᠰᠠᠷ᠎ ᠠ ᠶᠢᠨ 6 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠬᠠᠴᠢ ᠯᠢᠦᠢ ᠨᠦᠧᠧ᠂ ᠸᠠᠩ ᠪᠢᠨ) 2020 ᠤᠨ ᠪᠤᠯᠬᠤ ᠳᠤ ᠮᠠᠨ ᠤ ᠤᠯᠤᠰ ᠤᠨ ᠬᠦᠮᠦᠨ ᠠᠮᠠ 14.2 14.2 ᠳ᠋ᠦ᠋ᠩᠰᠢᠭᠤᠷ ᠤᠷᠴᠢᠮ ᠬᠦᠷᠦᠨ᠎ᠡ᠂ ᠤᠨ ᠤ ᠳᠤᠮᠳᠠᠴᠢ ᠪᠠᠶᠢᠭᠠᠯᠯᠢᠬ ᠦᠰᠦᠯᠲᠡ 6% ᠤᠷᠴᠢᠮ ᠪᠠᠶᠢᠵᠦ᠂ ᠲᠦᠷᠦᠬᠦ ᠬᠡᠦᠬᠡᠳ ᠤᠨ ᠬᠦᠢᠰᠦ ᠶᠢᠨ ᠬᠠᠷᠢᠴᠠᠯ 112 ᠡᠴᠡ ᠪᠠᠭ᠎ᠠ ᠪᠤᠯᠤᠨ᠎ᠠ ᠭᠡᠵᠦ ᠤᠯᠤᠰ ᠤᠨ ᠡᠷᠡᠭᠦᠯ ᠮᠡᠨᠳᠤ ᠲᠦᠯᠦᠪᠯᠡᠯᠭᠡᠲᠦ ᠦᠷᠡᠵᠢᠯ ᠤᠨ ᠵᠦᠪᠯᠡᠯ ᠡᠴᠡ ᠤᠶᠢᠷ᠎ᠡ ᠶᠢᠨ ᠡᠳᠦᠷ ᠲᠠᠷᠬᠠᠭᠠᠬᠰᠠᠨ 《〈13·5〉 ᠤ᠋ᠨ ᠤᠯᠤᠰ ᠳᠠᠶᠠᠭᠠᠷ ᠤᠨ ᠲᠦᠯᠦᠪᠯᠡᠯᠭᠡᠲᠦ ᠦᠷᠡᠵᠢᠯ ᠤᠨ ᠦᠢᠯᠡᠰ ᠤᠨ ᠬᠦᠭ᠍ᠵᠢᠯᠲᠡ ᠶᠢᠨ ᠲᠦᠰᠦᠯ》 ᠳ᠋ᠤ ᠪᠢᠴᠢᠭᠰᠡᠨ ᠪᠠᠶᠢᠪᠠ᠃

    ᠤᠶᠢᠯᠠᠭᠠᠬᠰᠠᠨ ᠢᠶᠡᠷ᠂ 《12·5》ᠬᠦᠭ᠍ᠵᠢᠯᠲᠡ ᠶᠢᠨ ᠲᠦᠰᠦᠯ ᠤᠨ  ᠬᠤᠭᠤᠴᠠᠭᠠᠨ ᠳᠤ ᠮᠠᠨ ᠤ ᠤᠯᠤᠰ ᠲᠦᠯᠦᠪᠯᠡᠯᠭᠡᠲᠤ ᠦᠷᠡᠵᠢᠯ ᠤᠨ ᠭᠤᠤᠯ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ ᠬᠦᠮᠦᠨ ᠠᠮᠠ ᠶᠢᠨ ᠪᠠᠶᠢᠭᠠᠯᠯᠢᠬ ᠦᠰᠦᠯᠲᠡ ᠶᠢ 5% ᠤᠷᠴᠢᠮ ᠳ᠋ᠦ ᠪᠠᠲᠤᠯᠠᠨ᠂ ᠲᠦᠷᠦᠭ᠍ᠰᠡᠨ ᠬᠡᠦᠬᠡᠳ ᠤᠨ ᠬᠦᠢᠰᠦ ᠶᠢᠨ ᠬᠠᠷᠢᠴᠠᠯ 117.94 ᠡᠴᠡ 113.51 ᠪᠤᠯᠲᠠᠯ᠎ᠠ ᠪᠠᠭᠤᠷᠠᠵᠦ᠂ 2015 ᠤᠨ ᠤ ᠡᠴᠦᠰ ᠤᠨ ᠬᠦᠮᠦᠨ ᠠᠮᠠ ᠶᠢᠨ ᠶᠡᠷᠦᠩᠬᠡᠢ ᠲᠤᠭ᠎ᠠ 13.75 ᠳ᠋ᠦ᠋ᠩᠰᠢᠭᠤᠷ ᠬᠦᠷᠦᠭ᠍ᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
关闭
010070230030000000000000011100001120426079