蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠪᠠᠶᠢᠯᠳᠤᠬᠤ ᠪᠤᠳᠤᠯᠭ᠎ᠠ ᠶᠢ ᠠᠩᠬᠠᠯᠠᠨ ᠬᠡᠷᠡᠭᠵᠢᠬᠦᠯᠪᠡ

2017-02-08 09:20

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠭᠤᠤ ᠵᠢᠩ) ᠨᠠᠮ ᠤᠨ ᠳᠦᠪ ᠬᠤᠷᠢᠶᠠᠨ ᠤ ᠠᠯᠪᠠᠨ ᠳᠢᠩᠬᠢᠮ᠂ ᠳᠦᠷᠦ ᠶᠢᠨ ᠶᠠᠪᠤᠳᠠᠯ ᠤᠨ ᠬᠤᠷᠢᠶ᠎ᠠ 7 ᠤ ᠡᠳᠦᠷ 《ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠵᠠᠭᠠᠭ ᠢ ᠳᠤᠭᠳᠠᠭᠠᠵᠤ ᠡᠷᠡᠰ ᠰᠠᠬᠢᠬᠤ ᠳᠤᠬᠠᠢ ᠰᠠᠨᠠᠯ ᠤᠳ》 ᠢ ᠨᠡᠶᠢᠳᠡᠯᠡᠵᠤ᠂ 2020 ᠤᠨ ᠤ ᠵᠢᠯ ᠤᠨ ᠡᠴᠤᠰ ᠪᠤᠯᠳᠠᠯ᠎ᠠ ᠤᠯᠤᠰ ᠲᠠᠶᠠᠭᠠᠷ ᠤᠨ ᠠᠮᠢ ᠠᠬᠤᠢ ᠶᠢᠨ ᠤᠯᠠᠭᠠᠨ ᠱᠤᠭᠤᠮ ᠤᠨ ᠵᠠᠭᠠᠭ ᠳᠤᠭᠳᠠᠭᠠᠬᠤ᠂ ᠪᠠᠷᠢᠮᠵᠢᠶ᠎ᠠ ᠳᠤᠭᠳᠠᠭᠠᠬᠤ ᠠᠵᠢᠯ ᠢ ᠪᠦᠬᠦ ᠳᠠᠯ᠎ᠠ ᠪᠡᠷ ᠪᠡᠶᠡᠯᠡᠬᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠳᠦᠷᠢᠮ ᠢ ᠦᠨᠳᠦᠰᠦᠨ ᠋ᠳ᠋ᠡᠬᠡᠨ ᠪᠡᠶᠡᠯᠡᠬᠦᠯᠦᠨ᠎ᠡ ᠬᠡᠵᠤ ᠳᠤᠳᠤᠷᠬᠠᠢ ᠳᠤᠷᠠᠳᠴᠠᠢ᠃

    ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠬᠡᠳᠡᠭ ᠨᠢ ᠠᠮᠢ ᠠᠬᠤᠢ ᠶᠢᠨ ᠤᠷᠤᠨ ᠵᠠᠢ ᠶᠢᠨ ᠬᠡᠪᠴᠢᠶᠡᠨ ᠳᠡᠬᠢ ᠤᠨᠴᠠᠭᠠᠢ ᠴᠢᠬᠤᠯᠠ ᠠᠮᠢ ᠠᠬᠤᠢ ᠶᠢᠨ ᠴᠢᠳᠠᠪᠬᠢ᠂ ᠡᠷᠬᠡᠪᠰᠢ ᠠᠯᠪᠠᠳᠠᠯᠭ᠎ᠠ ᠶᠢᠨ ᠴᠢᠨᠠᠷᠳᠠᠢ ᠪᠡᠷ ᠡᠷᠡᠰ ᠬᠠᠮᠠᠭᠠᠯᠠᠬᠤ ᠴᠢᠬᠤᠯᠠᠳᠠᠢ ᠪᠦᠰᠡ᠂ ᠮᠦᠨ ᠴᠤ ᠤᠯᠤᠰ ᠤᠨ ᠠᠮᠢ ᠠᠬᠤᠢ ᠶᠢᠨ ᠠᠶᠤᠯᠬᠦᠢ ᠶᠢ ᠪᠠᠳᠤᠯᠠᠵᠤ ᠬᠠᠮᠠᠭᠠᠯᠠᠬᠤ ᠦᠨᠳᠦᠰᠦᠨ ᠱᠠᠭᠠᠷᠳᠠᠯᠭ᠎ᠠ ᠪᠠ ᠡᠬᠢ ᠪᠤᠯᠠᠭ ᠪᠤᠯᠤᠨ᠎ᠠ᠃ ᠰᠠᠨᠠᠯ ᠳᠤ᠂ ᠠᠮᠢ ᠠᠬᠤᠢ ᠪᠠᠶᠢᠭᠠᠯᠢ ᠤᠷᠴᠢᠨ ᠤ ᠴᠢᠨᠠᠷ ᠢ ᠰᠠᠶᠢᠵᠢᠷᠠᠭᠤᠯᠬᠤ ᠪᠡᠷ ᠭᠤᠤᠯᠳᠠᠯᠭ᠎ᠠ ᠪᠤᠯᠭᠠᠨ᠂ ᠠᠮᠢ ᠠᠬᠤᠢ ᠶᠢᠨ ᠴᠢᠳᠠᠪᠬᠢ ᠶᠢ ᠪᠠᠳᠤᠯᠠᠵᠤ ᠬᠠᠮᠠᠭᠠᠯᠠᠬᠤ ᠪᠡᠷ ᠭᠤᠤᠯ ᠱᠤᠭᠤᠮ ᠪᠤᠯᠭᠠᠵᠤ᠂ ᠠᠭᠤᠯᠠ ᠤᠰᠤ ᠤᠢ ᠳᠠᠷᠢᠶ᠎ᠠ ᠨᠠᠭᠤᠷ ᠤᠨ ᠰᠢᠰᠲ᠋ᠧᠮ ᠢ ᠬᠠᠮᠠᠭᠠᠯᠠᠬᠤ ᠱᠠᠭᠠᠷᠳᠠᠯᠭ᠎ᠠ ᠶᠢᠨ ᠳᠠᠭᠠᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠵᠠᠭᠠᠭ ᠢ ᠳᠤᠭᠳᠠᠭᠠᠵᠤ᠂ ᠨᠢᠬᠡᠨ ᠵᠤᠷᠪᠤᠰ ᠤᠯᠠᠭᠠᠨ ᠱᠤᠭᠤᠮ ᠢᠶᠡᠷ ᠴᠢᠬᠤᠯᠠ ᠠᠮᠢ ᠠᠬᠤᠢ ᠶᠢᠨ ᠤᠷᠤᠨ ᠵᠠᠢ ᠶᠢ ᠬᠠᠮᠢᠶᠠᠷᠴᠤ ᠡᠵᠡᠮᠳᠡᠨ᠂ ᠠᠮᠢ ᠠᠬᠤᠢ ᠶᠢᠨ ᠴᠢᠳᠠᠪᠬᠢ ᠪᠠᠭᠤᠷᠠᠬᠤ ᠦᠬᠡᠢ᠂ ᠳᠠᠯᠠᠪᠠᠢ ᠪᠠᠭᠠᠰᠬᠤ ᠦᠬᠡᠢ᠂ ᠴᠢᠨᠠᠷ ᠬᠤᠪᠢᠷᠠᠬᠤ ᠦᠬᠡᠢ ᠪᠠᠶᠢᠬᠤ ᠶᠢ ᠪᠠᠳᠤᠯᠠᠬᠤ ᠬᠡᠷᠡᠭᠳᠡᠢ ᠬᠡᠵᠡᠢ᠃

    2017 ᠤᠨ ᠤ ᠵᠢᠯ ᠤᠨ ᠡᠴᠤᠰ ᠪᠤᠯᠳᠠᠯ᠎ᠠ᠂ ᠪᠡᠬᠡᠵᠢᠩ ᠲᠢᠶᠠᠨᠵᠢᠨ ᠡᠾᠧᠪᠧᠢ ᠶᠢᠨ ᠬᠡᠰᠡᠭ᠂ ᠬᠦᠬᠡᠮᠦ᠋ᠷᠡᠨ ᠤ ᠡᠳ᠋ ᠤᠨ ᠵᠠᠰᠠᠭ ᠤᠨ ᠪᠦᠰᠡ ᠳᠠᠭᠠᠤ ᠡᠯ᠎ᠡ ᠮᠤᠵᠢ (ᠰᠢᠭᠤᠳ ᠬᠠᠷᠢᠶ᠎ᠠ ᠬᠤᠳᠠ) ᠳᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠵᠠᠭᠠᠭ ᠳᠤᠭᠳᠠᠭᠠᠨ᠎ᠠ; 2018 ᠤᠨ ᠤ ᠵᠢᠯ ᠤᠨ ᠡᠴᠤᠰ ᠪᠤᠯᠳᠠᠯ᠎ᠠ᠂ ᠪᠤᠰᠤᠳ ᠮᠤᠵᠢ (ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ) ᠳᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠵᠠᠭᠠᠭ ᠳᠤᠭᠳᠠᠭᠠᠨ᠎ᠠ; 2020 ᠤᠨ ᠤ ᠵᠢᠯ ᠤᠨ ᠡᠴᠤᠰ ᠪᠤᠯᠳᠠᠯ᠎ᠠ᠂ ᠤᠯᠤᠰ ᠲᠠᠶᠠᠭᠠᠷ ᠤᠨ ᠠᠮᠢ ᠠᠬᠤᠢ ᠶᠢᠨ ᠤᠯᠠᠭᠠᠨ ᠱᠤᠭᠤᠮ ᠤᠨ ᠵᠠᠭᠠᠭ ᠳᠤᠭᠳᠠᠭᠠᠬᠤ᠂ ᠪᠠᠷᠢᠮᠵᠢᠶ᠎ᠠ ᠳᠤᠭᠳᠠᠭᠠᠬᠤ ᠠᠵᠢᠯ ᠢ ᠪᠦᠬᠦ ᠳᠠᠯ᠎ᠠ ᠪᠡᠷ ᠪᠡᠶᠡᠯᠡᠬᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠳᠦᠷᠢᠮ ᠢ ᠦᠨᠳᠦᠰᠦᠨ ᠋ᠳ᠋ᠡᠬᠡᠨ ᠪᠡᠶᠡᠯᠡᠬᠦᠯᠦᠨ ᠤᠯᠤᠰ ᠤᠨ ᠭᠠᠵᠠᠷ ᠰᠢᠷᠤᠢ ᠠᠮᠢ ᠠᠬᠤᠢ ᠶᠢᠨ ᠤᠷᠤᠨ ᠵᠠᠢ ᠶᠢ ᠰᠢᠯᠢᠳᠡᠭᠵᠢᠬᠦᠯᠦᠨ ᠦᠷ᠎ᠡ ᠳ᠋ᠦᠩ ᠲᠠᠢ ᠬᠠᠮᠠᠭᠠᠯᠠᠵᠤ᠂ ᠠᠮᠢ ᠠᠬᠤᠢ ᠶᠢᠨ ᠴᠢᠳᠠᠪᠬᠢ ᠶᠢᠨ ᠳᠤᠭᠳᠠᠭᠤᠨ ᠢ ᠪᠠᠳᠤᠯᠠᠵᠤ᠂ ᠤᠯᠤᠰ ᠤᠨ ᠠᠮᠢ ᠠᠬᠤᠢ ᠶᠢᠨ ᠠᠶᠤᠯᠬᠦᠢ ᠶᠢᠨ ᠪᠦᠳᠦᠴᠡ ᠶᠢ ᠤᠯᠠᠮ ᠳᠡᠬᠦᠯᠳᠡᠷᠵᠢᠬᠦᠯᠦᠨ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
关闭
010070230030000000000000011120701120428969