ᠰᠢ ᠵᠢᠨ ᠫᠢᠩ ᠰᠷᠢ ᠯᠠᠨᠺᠠ ᠶᠢᠨ ᠶᠡᠷᠦᠩᠬᠡᠶᠢᠯᠡᠭᠴᠢ ᠲᠠᠢ ᠬᠠᠷᠢᠯᠴᠠᠨ ᠪᠠᠶᠠᠷ ᠤᠨ ᠵᠠᠬᠢᠶ᠎ᠠ ᠢᠯᠡᠬᠡᠪᠡ 2017-02-08 09:41

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠬᠡ   ᠤᠯᠤᠰ ᠤᠨ ᠳᠡᠷᠢᠬᠦᠯᠡᠭᠴᠢ ᠰᠢ ᠵᠢᠨ ᠫᠢᠩ 7 ᠤ ᠡᠳᠦᠷ ᠰᠷᠢ ᠯᠠᠨᠺᠠ ᠶᠢᠨ ᠶᠡᠷᠦᠩᠬᠡᠶᠢᠯᠡᠭᠴᠢ ᠰᠠᠶᠢᠷᠢᠰᠧᠨᠠ ᠲᠠᠢ ᠬᠠᠷᠢᠯᠴᠠᠨ ᠪᠠᠶᠠᠷ ᠤᠨ ᠵᠠᠬᠢᠶ᠎ᠠ ᠢᠯᠡᠬᠡᠵᠤ᠂ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢ ᠳᠡᠮᠳᠡᠭᠯᠡᠭᠰᠡᠨ ᠪᠠᠶᠢᠨ᠎ᠠ᠃

    ᠰᠢ ᠵᠢᠨ ᠫᠢᠩ ᠪᠠᠶᠠᠷ ᠤᠨ ᠵᠠᠬᠢᠶᠠᠨ ᠳ᠋ᠠᠭᠠᠨ᠂ ᠳᠤᠮᠳᠠᠳᠤ ᠰᠷᠢ ᠯᠠᠨᠺᠠ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠳᠤᠷᠰᠢ ᠤᠯᠠᠨ ᠤᠯᠤᠰ ᠤᠨ ᠬᠦᠭᠵᠢᠯᠳᠡ ᠬᠤᠪᠢᠷᠠᠯᠳᠠ ᠶᠢᠨ ᠰᠢᠯᠭᠠᠯᠳᠠ ᠶᠢ ᠳᠠᠪᠠᠵᠤ᠂ ᠡᠷᠡᠬᠦᠯ ᠬᠦᠭᠵᠢᠯᠳᠡ ᠶᠢᠨ ᠪᠠᠶᠢᠳᠠᠯ ᠢᠶᠡᠨ ᠪᠠᠳᠤᠯᠠᠭᠰᠠᠭᠠᠷ ᠢᠷᠡᠭᠰᠡᠨ᠃ ᠪᠢ ᠳᠤᠮᠳᠠᠳᠤ ᠰᠷᠢ ᠯᠠᠨᠺᠠ ᠬᠤᠶᠠᠷ ᠤᠷᠤᠨ ᠤ ᠬᠠᠷᠢᠯᠴᠠᠭᠠᠨ ᠤ ᠬᠦᠭᠵᠢᠯᠳᠡ ᠶᠢ ᠮᠠᠰᠢ ᠴᠢᠬᠤᠯᠠᠴᠢᠯᠠᠨ ᠦᠵᠡᠳᠡᠭ᠂ ᠰᠷᠢ ᠯᠠᠨᠺᠠ 《ᠨᠢᠬᠡ ᠪᠦᠰᠡ ᠨᠢᠬᠡ ᠵᠠᠮ》 ᠤᠨ ᠰᠠᠨᠠᠭᠠᠴᠢᠯᠠᠭ᠎ᠠ ᠳᠤ ᠢᠳᠡᠪᠬᠢᠳᠡᠢ ᠤᠷᠤᠯᠴᠠᠭᠰᠠᠨ ᠨᠢ ᠮᠠᠭᠳᠠᠭᠤᠰᠢᠳᠠᠢ᠂ ᠪᠢᠳᠡ ᠳᠤᠷᠠᠳᠠᠶ᠎ᠠ ᠲᠠᠨᠠᠷ ᠤᠨ ᠬᠠᠮᠳᠤ ᠴᠢᠷᠮᠠᠶᠢᠨ ᠤᠯᠤᠰ ᠳᠦᠷᠦ ᠶᠢᠨ ᠬᠠᠷᠢᠯᠴᠠᠨ ᠢᠳᠡᠬᠡᠯᠴᠡᠯ ᠢᠶᠡᠨ ᠨᠡᠮᠡᠭᠳᠡᠬᠦᠯᠵᠤ᠂ ᠬᠠᠷᠢᠯᠴᠠᠨ ᠠᠰᠢᠭᠳᠠᠢ ᠬᠠᠮᠳᠤ ᠶᠢᠨ ᠠᠵᠢᠯᠯᠠᠭ᠎ᠠ ᠪᠡᠨ ᠡᠷᠴᠢᠮᠵᠢᠬᠦᠯᠦᠨ᠂ ᠢᠷᠬᠡᠳ ᠬᠤᠭᠤᠷᠤᠨᠳᠤ ᠶᠢᠨ ᠨᠦᠬᠦᠷᠯᠡᠯ ᠢ ᠵᠤᠵᠠᠭᠠᠳᠬᠠᠵᠤ᠂ ᠳᠤᠮᠳᠠᠳᠤ ᠰᠷᠢ ᠯᠠᠨᠺᠠ ᠶᠢᠨ ᠦᠨᠡᠨᠴᠢ ᠳᠤᠰᠠᠯᠠᠯᠴᠠᠭ᠎ᠠ ᠲᠠᠢ᠂ ᠦᠶ᠎ᠡ ᠤᠳᠤᠮᠯᠠᠭᠰᠠᠨ ᠨᠦᠬᠦᠷᠯᠡᠯ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭᠠᠨ ᠳᠤ ᠰᠢᠨ᠎ᠡ ᠠᠮᠢᠯᠠᠯ ᠤᠨ ᠬᠦᠴᠦᠨ ᠤᠯᠭᠤᠨ᠎ᠠ ᠬᠡᠵᠡᠢ᠃

    ᠰᠠᠶᠢᠷᠢᠰᠧᠨᠠ ᠪᠠᠶᠠᠷ ᠤᠨ ᠵᠠᠬᠢᠶᠠᠨ ᠳ᠋ᠠᠭᠠᠨ᠂ ᠳᠤᠮᠳᠠᠳᠤ ᠰᠷᠢ ᠯᠠᠨᠺᠠ ᠶᠢᠨ ᠨᠦᠬᠦᠷᠯᠡᠯ ᠦᠨᠢ ᠤᠳᠠᠭᠠᠨ ᠳᠡᠤᠬᠡ ᠲᠠᠢ᠃ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠳᠤᠷᠰᠢ ᠬᠤᠶᠠᠷ ᠤᠷᠤᠨ ᠤ ᠬᠠᠷᠢᠯᠴᠠᠭ᠎ᠠ ᠦᠷᠬᠦᠯᠵᠢᠯᠡᠨ ᠡᠷᠡᠬᠦᠯ ᠬᠦᠭᠵᠢᠵᠤ᠂ ᠮᠦᠨ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠳᠦᠩᠰᠢᠯᠡᠯ ᠤᠨ ᠬᠠᠷᠢᠯᠴᠠᠭᠠᠨ ᠳᠤ ᠬᠦᠷᠦᠭᠰᠡᠨ᠃ ᠰᠷᠢ ᠯᠠᠨᠺᠠ ᠶᠢᠨ ᠳᠠᠯ᠎ᠠ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠡᠨ ᠤᠯᠠᠮ ᠪᠠᠳᠤᠳᠬᠠᠬᠤ ᠪᠡᠷ ᠡᠷᠡᠰ ᠴᠢᠷᠮᠠᠶᠢᠨ᠎ᠠ᠃《ᠨᠢᠬᠡ ᠪᠦᠰᠡ ᠨᠢᠬᠡ ᠵᠠᠮ》 ᠤᠨ ᠰᠠᠨᠠᠭᠠᠴᠢᠯᠠᠭ᠎ᠠ ᠨᠢ ᠡᠷᠳᠡᠨ ᠤ ᠳᠠᠯᠠᠢ ᠶᠢᠨ ᠳᠤᠷᠭᠠᠨ ᠤ ᠵᠠᠮ ᠤᠨ ᠰᠠᠭᠤᠷᠢᠨ ᠳᠤ ᠰᠷᠢ ᠯᠠᠨᠺᠠ ᠳᠤᠮᠳᠠᠳᠤ ᠶᠢᠨ ᠬᠠᠮᠳᠤ ᠶᠢᠨ ᠠᠵᠢᠯᠯᠠᠭ᠎ᠠ ᠶᠢ ᠰᠢᠨ᠎ᠡ ᠴᠠᠭ ᠡᠷᠢᠨ ᠳᠤ ᠤᠷᠤᠭᠤᠯᠬᠤ ᠨᠢ ᠯᠠᠪᠳᠠᠢ᠃ ᠰᠷᠢ ᠯᠠᠨᠺᠠ ᠳᠤᠮᠳᠠᠳᠤ ᠶᠢᠨ ᠬᠠᠷᠢᠯᠴᠠᠭ᠎ᠠ ᠳᠠᠰᠤᠷᠠᠯᠳᠠ ᠦᠬᠡᠢ ᠬᠦᠭᠵᠢᠬᠦ ᠪᠤᠯᠳᠤᠭᠠᠢ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
010070230030000000000000011120701120429383