蒙古文网站Logo
ᠰᠢᠨᠬᠤᠸᠠ ᠮᠤᠩᠭ᠋ᠤᠯ ᠨᠧᠲ

《13·5》 ᠤ᠋ᠨ ᠬᠤᠭᠤᠴᠭᠠᠠᠨ ᠳᠤ ᠬᠤᠲᠠ ᠪᠠᠯᠭᠠᠰᠤᠨ ᠤ ᠰᠢᠨ᠎ᠡ ᠪᠡᠷ ᠠᠵᠢᠯ ᠳᠤ ᠭᠠᠷᠬᠤ ᠬᠦᠮᠦᠰ 5000 ᠲᠦᠮᠡ ᠵᠢ ᠳᠠᠪᠠᠨ᠎ᠠ

2017-02-08 15:57

    ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠶᠢᠷ᠎ᠠ ᠳᠤ ᠬᠡᠪᠯᠡᠨ ᠲᠠᠷᠬᠠᠭᠠᠬᠰᠠᠨ《〈13·5〉 ᠤ᠋ᠨ ᠠᠵᠢᠯ ᠤᠨ ᠪᠠᠶᠢᠷᠢ ᠬᠠᠨᠭᠭᠠᠬᠤ ᠵᠢ ᠠᠬᠢᠭᠤᠯᠬᠤ ᠲᠦᠰᠦᠯ》 ᠳ᠋ᠤ᠂ 2020 ᠤᠨ ᠪᠤᠯᠲᠠᠯ᠎ᠠ ᠠᠵᠢᠯ ᠤᠨ ᠪᠠᠶᠢᠷᠢ ᠬᠠᠨᠭᠭᠠᠬᠤ ᠬᠡᠪᠴᠢᠶ᠎ᠡ ᠵᠢ ᠲᠤᠬᠲᠠᠭᠤᠨ ᠢᠶᠡᠷ ᠲᠡᠯᠡᠵᠦ᠂ ᠠᠵᠢᠯ ᠤᠨ ᠪᠠᠶᠢᠷᠢ ᠬᠠᠨᠭᠭᠠᠬᠤ ᠴᠢᠨᠠᠷ ᠴᠢᠨᠰᠠᠭ᠎ᠠ ᠵᠢ ᠤᠯᠠᠮ ᠰᠠᠶᠢᠵᠢᠷᠠᠭᠤᠯᠤᠨ᠂ ᠬᠤᠲᠠ ᠪᠠᠯᠭᠠᠰᠤᠨ ᠤ ᠰᠢᠨ᠎ᠡ ᠪᠡᠷ ᠠᠵᠢᠯ ᠳᠤ ᠭᠠᠷᠬᠤ ᠬᠦᠮᠦᠨ ᠤ ᠲᠤᠭ᠎ᠠ ᠵᠢ 5000 ᠲᠦᠮᠡ ᠵᠢ ᠳᠠᠪᠠᠭᠤᠯᠤᠨ᠎ᠠ᠂ ᠤᠯᠤᠰ ᠳᠠᠶᠠᠭᠠᠷ ᠤᠨ ᠬᠤᠲᠠ ᠪᠠᠯᠭᠠᠰᠤᠨ ᠤ ᠠᠵᠢᠯ ᠦᠭᠡᠶᠢᠳᠡᠯ ᠤᠨ ᠨᠤᠷᠮ᠎ᠠ ᠵᠢ 5% ᠶ᠋ᠢᠨ ᠲᠤᠳᠤᠷ᠎ᠠ ᠪᠠᠶᠢᠯᠭᠠᠨ᠎ᠠ᠂ ᠤᠶᠤᠲᠠᠨ᠂ ᠬᠦᠯᠦᠰᠦᠨ ᠠᠵᠢᠯᠴᠢᠨ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠳᠤ ᠭᠠᠷᠬᠤ ᠬᠠᠨᠳᠤᠰᠢ ᠵᠢ ᠲᠤᠬᠲᠠᠭᠤᠨ ᠪᠠᠶᠢᠯᠭᠠᠨ᠎ᠠ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠠᠵᠢᠯ ᠳᠤ ᠭᠠᠷᠬᠤ ᠵᠢ ᠠᠬᠢᠭᠤᠯᠵᠦ 1000 ᠲᠦᠮᠡᠨ ᠬᠦᠮᠦᠨ ᠢ ᠶᠠᠳᠠᠭᠤ ᠡᠴᠡ ᠠᠩᠭᠢᠵᠢᠷᠠᠭᠤᠯᠬᠤ ᠵᠢ ᠳᠠᠶᠢᠴᠢᠯᠠᠨ᠎ᠠ᠂ ᠠᠵᠦ ᠠᠬᠤᠶᠢᠯᠠᠯ ᠤᠨ ᠬᠦᠳᠡᠯᠮᠦᠷᠢ ᠶᠢᠨ ᠭᠡᠷ᠎᠎ᠡ ᠳᠤ ᠭᠠᠷ ᠤᠨ ᠦᠰᠦᠭ ᠵᠢᠷᠤᠬᠤ ᠨᠤᠷᠮ᠎ᠠ ᠵᠢ 90% ᠡᠴᠡ ᠳᠡᠭᠡᠭ᠍ᠰᠢ ᠪᠠᠶᠢᠯᠭᠠᠵᠦ᠂ ᠴᠠᠯᠢᠩ ᠬᠦᠯᠦᠰᠦ ᠵᠢ ᠲᠤᠬᠢᠷᠠᠮᠵᠢᠲᠠᠢ ᠦᠰᠭᠡᠨ᠎ᠡ ᠭᠡᠵᠦ ᠳᠤᠷᠠᠳᠴᠠᠢ᠃

ᠢᠷᠡᠯᠳᠡ᠄ ᠡᠳ᠋ ᠤᠨ ᠵᠠᠰᠠᠬ ᠠᠯᠪᠠᠯᠲᠠ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
关闭
010070230030000000000000011100001120432442