ᠰᠢ ᠵᠢᠨ ᠫᠢᠩ ᠠᠮᠧᠷᠢᠺᠠ ᠶ᠋ᠢᠨ ᠶᠡᠷᠦᠩᠬᠡᠶᠢᠯᠡᠭᠴᠢ ᠲᠷᠠᠮᠫ ᠲᠠᠢ ᠤᠲᠠᠰᠤ ᠪᠠᠷ ᠶᠠᠷᠢᠯᠴᠠᠪᠠ 2017-02-13 08:46

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠬᠡ   ᠤᠯᠤᠰ ᠤᠨ ᠲᠡᠷᠢᠭᠦᠯᠡᠭᠴᠢ ᠰᠢ ᠵᠢᠨ ᠫᠢᠩ 10 ‍ᠥ ᠡᠳᠦᠷ ᠠᠮᠧᠷᠢᠺᠠ ᠶ᠋ᠢᠨ ᠶᠡᠷᠦᠩᠬᠡᠶᠢᠯᠡᠭᠴᠢ ᠲᠷᠠᠮᠫ ᠲᠠᠢ ᠤᠲᠠᠰᠤ ᠪᠠᠷ ᠶᠠᠷᠢᠯᠴᠠᠭᠰᠠᠨ ᠪᠠᠶᠢᠨ᠎ᠠ᠃ ᠠᠮᠧᠷᠢᠺᠠ ᠶ᠋ᠢᠨ ᠶᠡᠷᠦᠩᠬᠡᠶᠢᠯᠡᠭᠴᠢ ᠶ᠋ᠢᠨ ᠲᠤᠰᠢᠶᠠᠯ ᠳ᠋ᠤ ᠠᠯᠪᠠᠨ ᠶᠣᠰᠣᠭᠠᠷ ᠭᠠᠷᠤᠭᠰᠠᠨ ᠲᠷᠠᠮᠫ ᠳᠤ ᠰᠢ ᠵᠢᠨ ᠫᠢᠩ ᠪᠠᠶᠠᠷ ᠬᠦᠷᠭᠡᠭᠰᠡᠨ ‍ᠥ ᠬᠠᠮᠲᠤ 2 ᠰᠠᠷ᠎ᠠ ᠶ᠋ᠢᠨ 8 ᠤ ᠡᠳᠦᠷ ᠵᠠᠬᠢᠳᠠᠯ ᠢᠯᠡᠭᠡᠵᠦ ᠳᠤᠮᠳᠠᠳᠤ ᠤᠯᠤᠰ ᠤᠨ ᠴᠠᠭᠠᠨ ᠰᠠᠷ᠎ᠠ ᠶ᠋ᠢᠨ ᠠᠷᠪᠠᠨ ᠲᠠᠪᠤᠨ ᠤ ᠪᠠᠶᠠᠷ ᠪᠣᠯᠣᠨ ᠤᠯᠠᠭᠠᠭᠴᠢᠨ ᠳᠠᠬᠢᠶ᠎ᠠ ᠵᠢᠯ ‍ᠢᠶ᠋ᠡᠷ ᠳᠤᠮᠳᠠᠳᠤ ᠤᠯᠤᠰ ᠤᠨ ᠢᠷᠬᠡᠳ ᠲᠤ ᠪᠠᠶᠠᠷ ᠤᠨ ᠡᠳᠦᠷ ‍ᠥᠨ ᠢᠷᠦᠭᠡᠯ ᠵᠥᠩᠨᠡᠯ ᠢᠶᠡᠨ ᠳᠡᠪᠰᠢᠭᠦᠯᠦᠭᠰᠡᠨ ᠲᠷᠠᠮᠫ ᠳᠤ ᠲᠠᠯᠠᠷᠬᠠᠵᠤ ᠪᠠᠶᠢᠬᠤ ᠪᠠᠨ ᠢᠯᠡᠷᠬᠡᠶᠢᠯᠡᠵᠦ᠂ ᠳᠤᠮᠳᠠᠳᠤ ᠠᠮᠧᠷᠢᠺᠠ ᠶ᠋ᠢᠨ ᠬᠠᠮᠲᠤ ᠶ᠋ᠢᠨ ᠠᠵᠢᠯᠯᠠᠭ᠎ᠠ ᠶ᠋ᠢ ᠴᠢᠷᠮᠠᠶᠢᠨ ᠥᠷᠭᠡᠳᠬᠡᠵᠦ᠂ ᠳᠤᠮᠳᠠᠳᠤ ᠠᠮᠧᠷᠢᠺᠠ ᠬᠣᠶᠠᠷ ᠤᠯᠤᠰ ᠪᠠ ᠳᠡᠯᠡᠬᠡᠢ ᠨᠡᠶᠢᠲᠡ ᠳ᠋ᠥ ᠠᠰᠢᠭᠲᠠᠢ ᠬᠣᠶᠠᠷ ᠲᠠᠯ᠎ᠠ ᠶ᠋ᠢᠨ ᠪᠦᠲᠦᠭᠡᠯᠴᠢ ᠬᠠᠷᠢᠯᠴᠠᠭ᠎ᠠ ᠶ᠋ᠢ ᠬᠥᠭᠵᠢᠭᠦᠯᠬᠦ ᠳᠤᠷᠠᠲᠠᠢ ᠪᠠᠶᠢᠨ᠎ᠠ ᠭᠡᠵᠦ ᠢᠯᠡᠷᠬᠡᠶᠢᠯᠡᠭᠰᠡᠨ ᠶᠠᠪᠤᠳᠠᠯ ‍ᠢ ᠨᠢ ᠥᠨᠳᠥᠷ ᠦᠨᠡᠯᠡᠭᠰᠡᠨ ᠪᠠᠶᠢᠨ᠎ᠠ᠃ ᠡᠭᠦᠨ ᠳ᠋ᠥ ᠲᠠᠯᠠᠷᠬᠠᠵᠤ ᠪᠠᠶᠢᠨ᠎ᠠ ᠭᠡᠵᠦ ᠲᠷᠠᠮᠫ ᠢᠯᠡᠷᠬᠡᠶᠢᠯᠡᠵᠦ᠂ ᠲᠡᠷᠢᠭᠦᠯᠡᠭᠴᠢ ᠰᠢ ᠵᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳ᠋ᠥ ᠳᠠᠬᠢᠨᠳᠠ ᠪᠠᠶᠠᠷ ᠤᠨ ᠡᠳᠦᠷ ‍ᠥᠨ ᠮᠡᠨᠳᠦᠴᠢᠯᠡᠭᠡ ᠳᠡᠪᠰᠢᠭᠦᠯᠦᠭᠰᠡᠨ ᠪᠠᠶᠢᠨ᠎ᠠ᠃

    ᠰᠢ ᠵᠢᠨ ᠫᠢᠩ᠂ ᠶᠡᠷᠦᠩᠬᠡᠶᠢᠯᠡᠭᠴᠢ ᠠᠪᠤᠭᠠᠢ ᠲᠤᠰᠢᠶᠠᠯ ᠳ᠋ᠤ ᠭᠠᠷᠤᠭᠰᠠᠨ ᠡᠴᠠ ᠨᠠᠭᠠᠰᠢ᠂ ᠳᠤᠮᠳᠠᠳᠤ ᠠᠮᠧᠷᠢᠺᠠ ᠬᠣᠶᠠᠷ ᠲᠠᠯ᠎ᠠ ᠪᠠᠷ ᠢᠶᠡᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠨᠢᠭᠲᠠ ᠰᠣᠯᠢᠯᠴᠠᠭ᠎ᠠ ᠬᠢᠭᠰᠡᠨ ᠪᠠᠶᠢᠨ᠎ᠠ᠃ ᠲᠦᠪᠡᠭ ᠪᠤᠳᠤᠯᠢᠶᠠᠨᠲᠠᠢ ᠣᠯᠠᠨ ᠤᠯᠤᠰ ᠤᠨ ᠪᠠᠶᠢᠳᠠᠯ ᠪᠠ ᠲᠠᠰᠤᠷᠠᠯᠲᠠ ᠦᠭᠡᠢ ᠭᠠᠷᠴᠤ ᠪᠠᠶᠢᠭ᠎ᠠ ᠡᠯ᠎ᠡ ᠵᠦᠢᠯ ‍ᠥᠨ ᠥᠷᠢᠰᠦᠯᠳᠦᠭᠡᠨ ‍ᠥ ᠡᠮᠦᠨ᠎ᠡ᠂ ᠳᠤᠮᠳᠠᠳᠤ ᠠᠮᠧᠷᠢᠺᠠ ᠬᠣᠶᠠᠷ ᠲᠠᠯ᠎ᠠ ᠶ᠋ᠢᠨ ᠬᠠᠮᠲᠤ ᠶ᠋ᠢᠨ ᠠᠵᠢᠯᠯᠠᠭ᠎ᠠ ᠪᠠᠨ ᠴᠢᠩᠭᠠᠳᠬᠠᠬᠤ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠴᠢᠨᠠᠭᠰᠢᠳᠠ ᠳᠡᠭᠡᠭᠰᠢᠯᠡᠭᠰᠡᠨ ᠪᠠᠶᠢᠨ᠎ᠠ᠃ ᠳᠤᠮᠳᠠᠳᠤ ᠠᠮᠧᠷᠢᠺᠠ ᠬᠣᠶᠠᠷ ᠤᠯᠤᠰ ᠬᠠᠷᠢᠯᠴᠠᠨ ᠬᠠᠮᠵᠢᠯᠴᠠᠵᠤ ᠬᠠᠮᠲᠤ ᠪᠠᠷ ᠬᠥᠭᠵᠢᠵᠦ᠂ ᠬᠠᠷᠢᠯᠴᠠᠨ ᠠᠬᠢᠭᠤᠯᠵᠤ ᠪᠣᠯᠬᠤ ᠪᠥᠭᠡᠳ ᠬᠡᠨ ᠠᠯᠢᠨ ᠤ ᠪᠠᠨ ᠬᠠᠮᠲᠤᠷᠠᠨ ᠠᠵᠢᠯᠯᠠᠬᠤ ᠰᠠᠶᠢᠨ ᠲᠦᠩᠰᠢ ᠪᠣᠯᠵᠤ ᠪᠣᠯᠬᠤ ᠶᠤᠮ᠃ ᠳᠤᠮᠳᠠᠳᠤ ᠠᠮᠧᠷᠢᠺᠠ ᠶ᠋ᠢᠨ ᠬᠠᠷᠢᠯᠴᠠᠭ᠎ᠠ ᠶ᠋ᠢ ᠰᠠᠶᠢᠵᠢᠷᠠᠭᠤᠯᠬᠤ ᠨᠢ ᠬᠣᠶᠠᠷ ᠤᠯᠤᠰ ᠤᠨ ᠢᠷᠬᠡᠳ ᠤᠨ ᠦᠨᠳᠦᠰᠦᠨ ᠠᠰᠢᠭ ᠲᠤᠰᠠ ᠲᠠᠢ ᠨᠡᠶᠢᠴᠡᠬᠦ ᠮᠥᠷᠲᠡᠭᠡᠨ ᠡᠨᠡ ᠨᠢ ᠮᠥᠨ ᠴᠦ ᠳᠤᠮᠳᠠᠳᠤ ᠠᠮᠧᠷᠢᠺᠠ ᠬᠣᠶᠠᠷ ᠲᠣᠮᠣ ᠤᠯᠤᠰ ᠤᠨ ᠡᠭᠦᠷᠭᠡᠯᠡᠬᠦ ᠶᠣᠰᠣᠲᠠᠢ ᠣᠯᠠᠨ ᠤᠯᠤᠰ ᠤᠨ ᠡᠭᠦᠷᠭᠡ ᠬᠠᠷᠢᠭᠤᠴᠠᠯᠭ᠎ᠠ ᠪᠣᠯᠬᠤ ᠶᠤᠮ᠃ ᠳᠤᠮᠳᠠᠳᠤ ᠤᠯᠤᠰ ᠳᠡᠯᠡᠬᠡᠢ ᠶ᠋ᠢᠨ ᠡᠯ᠎ᠡ ᠤᠯᠤᠰ ᠲᠠᠢ ᠡᠶ᠎ᠡ ᠵᠣᠬᠢᠴᠠᠯ ᠲᠠᠢ ᠵᠡᠷᠭᠡᠴᠡᠨ ᠣᠷᠣᠰᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠮᠵᠢᠯᠲᠠ ᠳ᠋ᠤ ᠬᠦᠷᠬᠦ ᠪᠡᠷ ᠴᠢᠷᠮᠠᠶᠢᠵᠤ ᠪᠠᠶᠢᠨ᠎ᠠ᠃ ᠪᠢᠳᠠ ᠠᠮᠧᠷᠢᠺᠠ ᠲᠠᠢ ᠬᠤᠳᠠᠯᠳᠤᠭ᠎ᠠ ᠡᠳ᠋ ᠤᠨ ᠵᠠᠰᠠᠭ ᠪᠡᠯᠡ ᠣᠷᠤᠭᠤᠯᠤᠯᠲᠠ᠂ ᠰᠢᠨᠵᠢᠯᠡᠬᠦ ᠤᠬᠠᠭᠠᠨ ᠲᠧᠭᠨᠤᠯᠤᠬᠢ᠂ ᠡᠷᠴᠢᠮ ᠬᠦᠴᠦ᠂ ᠰᠣᠶᠣᠯ ᠢᠷᠭᠡᠨᠰᠢᠯ᠂ ᠳᠡᠳ᠋ ᠪᠦᠳᠦᠴᠡ ᠵᠡᠷᠭᠡ ᠴᠡᠷ᠎ᠠ ᠬᠦᠷᠢᠶᠡᠨ ᠳ᠋ᠡᠬᠢ ᠬᠠᠷᠢᠯᠴᠠᠨ ᠠᠰᠢᠭᠲᠠᠢ ᠬᠠᠮᠲᠤ ᠶ᠋ᠢᠨ ᠠᠵᠢᠯᠯᠠᠭ᠎ᠠ ᠪᠠᠨ ᠴᠢᠩᠭᠠᠳᠬᠠᠵᠤ᠂ ᠣᠯᠠᠨ ᠤᠯᠤᠰ ᠪᠠ ᠪᠦᠰᠡ ᠨᠤᠲᠤᠭ ᠤᠨ ᠬᠡᠷᠡᠭ ᠶᠠᠪᠤᠳᠠᠯ ᠳ᠋ᠤ ᠵᠣᠬᠢᠴᠠᠭᠤᠯᠭ᠎ᠠ ᠪᠠᠨ ᠴᠢᠩᠭᠠᠳᠬᠠᠵᠤ᠂ ᠳᠡᠯᠡᠬᠡᠢ ᠶ᠋ᠢᠨ ᠲᠠᠶᠢᠪᠤᠩ ᠲᠣᠭᠲᠠᠭᠤᠨ ᠪᠠᠶᠢᠳᠠᠯ ‍ᠢ ᠬᠠᠮᠲᠤ ᠪᠠᠷ ᠬᠠᠮᠠᠭᠠᠯᠠᠬᠤ ᠳᠤᠷᠠᠲᠠᠢ ᠪᠠᠶᠢᠨ᠎ᠠ ᠭᠡᠵᠡᠢ᠃

    ᠲᠷᠠᠮᠫ᠂ ᠲᠡᠷᠢᠭᠦᠯᠡᠭᠴᠢ ᠰᠢ ᠵᠢᠠ ᠫᠢᠩ ᠲᠠᠢ ᠤᠲᠠᠰᠤ ᠪᠠᠷ ᠶᠠᠷᠢᠯᠴᠠᠭᠰᠠᠨ ᠳ᠋ᠠᠭᠠᠨ ᠮᠠᠰᠢ ᠪᠠᠶᠠᠷᠲᠠᠢ ᠪᠠᠶᠢᠨ᠎ᠠ᠂ ᠠᠮᠧᠷᠢᠺᠠ ᠳᠤᠮᠳᠠᠳᠤ ᠬᠣᠶᠠᠷ ᠤᠯᠤᠰ ᠳᠡᠭᠡᠳᠦ ᠳᠠᠪᠬᠤᠷᠭ᠎ᠠ ᠶ᠋ᠢᠨ ᠬᠠᠷᠢᠯᠴᠠᠭ᠎ᠠ ᠪᠡᠮ ᠪᠠᠷᠢᠮᠲᠠᠯᠠᠬᠤ ᠨᠢ ᠲᠤᠶᠢᠯ ᠤᠨ ᠴᠢᠬᠤᠯᠠ ᠶᠤᠮ᠃ ᠨᠠᠮ᠎ᠠ ᠶᠢ ᠲᠤᠰᠢᠶᠠᠯ ᠳ᠋ᠤ ᠭᠠᠷᠤᠭᠰᠠᠨ ᠡᠴᠠ ᠨᠠᠭᠠᠰᠢ ᠬᠣᠶᠠᠷ ᠲᠠᠯ᠎ᠠ ᠶ᠋ᠢᠨ ᠨᠢᠭᠲᠠ ᠬᠠᠷᠢᠯᠴᠠᠵᠤ ᠪᠠᠶᠢᠭ᠎ᠠ ᠪᠠᠶᠢᠳᠠᠯ ᠳ᠋ᠤ ᠪᠢ ᠰᠡᠳᠬᠢᠯ ᠬᠠᠨᠤᠮᠵᠢᠲᠠᠢ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠳ᠋ᠥ ᠣᠯᠣᠭᠰᠠᠨ ᠲᠡᠦᠬᠡᠲᠦ ᠠᠮᠵᠢᠯᠲᠠ ᠶ᠋ᠢ ᠪᠢ ᠪᠠᠬᠠᠳᠤᠨ ᠪᠢᠰᠢᠷᠡᠵᠦ᠂ ᠳᠤᠮᠳᠠᠳᠤ ᠤᠯᠤᠰ ᠤᠨ ᠢᠷᠬᠡᠳ ᠲᠤ ᠬᠦᠨᠳᠦᠳᠬᠡᠯ ᠢᠯᠡᠷᠬᠡᠶᠢᠯᠡᠵᠦ ᠪᠠᠶᠢᠨ᠎ᠠ᠃ ᠠᠮᠧᠷᠢᠺᠠ ᠳᠤᠮᠳᠠᠳᠤ ᠬᠣᠶᠠᠷ ᠤᠯᠤᠰ ᠤᠨ ᠬᠠᠷᠢᠯᠴᠠᠭ᠎ᠠ ᠶ᠋ᠢ ᠬᠥᠭᠵᠢᠭᠦᠯᠬᠦ ᠨᠢ ᠠᠮᠧᠷᠢᠺᠠ ᠶ᠋ᠢᠨ ᠠᠷᠠᠳ ᠲᠦᠮᠡᠨ ‍ᠥ ᠥᠷᠭᠡᠨ ᠳᠡᠯᠭᠡᠷ ᠳᠡᠮᠵᠢᠯᠭᠡ ᠶ᠋ᠢ ᠣᠯᠣᠭᠰᠠᠨ ᠶᠤᠮ᠃ ᠠᠮᠧᠷᠢᠺᠠ ᠳᠤᠮᠳᠠᠳᠤ ᠬᠣᠶᠠᠷ ᠤᠯᠤᠰ ᠬᠠᠮᠲᠤ ᠶ᠋ᠢᠨ ᠠᠵᠢᠯᠯᠠᠭᠠᠨ ᠤ ᠲᠦᠩᠰᠢ ᠪᠣᠯᠣᠭᠰᠠᠨ ᠤ ᠬᠤᠪᠢ ᠳ᠋ᠤ ᠬᠠᠮᠲᠤ ᠪᠠᠷ ᠴᠢᠷᠮᠠᠶᠢᠵᠤ ᠪᠠᠶᠢᠭᠠᠳ ᠬᠣᠶᠠᠷ ᠲᠠᠯ᠎ᠠ ᠶ᠋ᠢᠨ ᠬᠠᠷᠢᠯᠴᠠᠭ᠎ᠠ ᠶ᠋ᠢ ᠲᠡᠦᠬᠡ ᠶ᠋ᠢᠨ ᠰᠢᠨ᠎ᠡ ᠲᠦᠪᠰᠢᠨ ᠳ᠋ᠥ ᠬᠦᠷᠭᠡᠵᠦ ᠳᠡᠶᠢᠯᠬᠦ ᠶ᠋ᠢ ᠪᠢ ᠢᠲᠡᠭᠡᠵᠦ ᠪᠠᠶᠢᠨ᠎ᠠ᠃ ᠬᠣᠶᠠᠷ ᠤᠯᠤᠰ ᠤᠨ ᠬᠤᠳᠠᠯᠳᠤᠭ᠎ᠠ ᠡᠳ᠋ ᠤᠨ ᠵᠠᠰᠠᠭ᠂ ᠬᠦᠷᠦᠩᠬᠡ ᠣᠷᠤᠭᠤᠯᠤᠯᠲᠠ ᠵᠡᠷᠭᠡ ᠴᠠᠷ᠎ᠠ ᠬᠦᠷᠢᠶ᠎ᠡ ᠪᠣᠯᠣᠨ ᠣᠯᠠᠨ ᠤᠯᠤᠰ ᠤᠨ ᠬᠡᠷᠡᠭ ᠶᠠᠪᠤᠳᠠᠯ ᠳ᠋ᠠᠬᠢ ᠬᠠᠷᠢᠯᠴᠠᠨ ᠠᠰᠢᠭᠲᠠᠢ ᠬᠠᠮᠲᠤ ᠶ᠋ᠢᠨ ᠠᠵᠢᠯᠯᠠᠭ᠎ᠠ ᠶ᠋ᠢ ᠴᠢᠩᠭᠠᠳᠬᠠᠬᠤ ᠶ᠋ᠢᠨ ᠲᠥᠯᠥᠭᠡ ᠠᠮᠧᠷᠢᠺᠠ ᠶ᠋ᠢᠨ ᠲᠠᠯ᠎ᠠ ᠴᠢᠷᠮᠠᠶᠢᠨ᠎ᠠ ᠭᠡᠵᠡᠢ᠃

    ᠲᠷᠠᠮᠫ᠂ ᠠᠮᠧᠷᠢᠺᠠ ᠶ᠋ᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠪᠣᠳᠣᠯᠭ᠎ᠠ ᠶ᠋ᠢ ᠪᠠᠷᠢᠮᠲᠠᠯᠠᠬᠤ ᠶ᠋ᠢᠨ ᠳᠡᠭᠡᠳᠦ ᠬᠡᠮᠵᠢᠶᠡᠨ ‍ᠥ ᠴᠢᠬᠤᠯᠠ ᠴᠢᠨᠠᠷ ‍ᠢ ᠪᠢ ᠭᠦᠢᠴᠡᠳ ᠣᠶᠢᠯᠠᠭᠠᠵᠤ ᠪᠠᠶᠢᠨ᠎ᠠ᠃ ᠠᠮᠧᠷᠢᠺᠠ ᠶ᠋ᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠪᠣᠳᠣᠯᠭ᠎ᠠ ᠶ᠋ᠢ ᠡᠷᠡᠰ ᠪᠠᠷᠢᠮᠲᠠᠯᠠᠬᠤ ᠪᠣᠯᠣᠨ᠎ᠠ ᠭᠡᠵᠡᠢ᠃

    ᠠᠮᠧᠷᠢᠺᠠ ᠶ᠋ᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ ᠪᠣᠳᠣᠯᠭ᠎ᠠ ᠶ᠋ᠢ ᠪᠠᠷᠢᠮᠲᠠᠯᠠᠨ᠎ᠠ ᠭᠡᠵᠦ ᠲᠷᠠᠮᠫ ᠤᠨ ᠴᠢᠬᠤᠯᠠᠴᠢᠯᠠᠭᠰᠠᠨ ᠶᠠᠪᠤᠳᠠᠯ ‍ᠢ ᠰᠢ ᠵᠢᠠ ᠫᠢᠩ ᠮᠠᠭᠲᠠᠨ ᠰᠠᠶᠢᠰᠢᠶᠠᠵᠤ ᠵᠢᠭᠠᠬᠤ ᠳ᠋ᠠᠭᠠᠨ᠂ ᠨᠢᠭᠡ ᠯᠡ ᠳᠤᠮᠳᠠᠳᠤ ᠤᠯᠤᠰ ᠪᠠᠶᠢᠬᠤ ᠪᠣᠳᠣᠯᠭ᠎ᠠ ᠪᠣᠯ ᠳᠤᠮᠳᠠᠳᠤ ᠠᠮᠧᠷᠢᠺᠠ ᠬᠣᠶᠠᠷ ᠤᠯᠤᠰ ᠤᠨ ᠬᠠᠷᠢᠯᠴᠠᠭᠠᠨ ᠤ ᠤᠯᠤᠰ ᠲᠥᠷᠥ ᠶ᠋ᠢᠨ ᠰᠠᠭᠤᠷᠢ ᠮᠥᠨ᠃ ᠳᠤᠮᠳᠠᠳᠤ ᠶ᠋ᠢᠨ ᠲᠠᠯ᠎ᠠ ᠠᠮᠧᠷᠢᠺᠠ ᠶ᠋ᠢᠨ ᠲᠠᠯ᠎ᠠ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠡᠯᠡᠯᠴᠡᠵᠦ ᠶᠠᠷᠢᠯᠴᠠᠬᠤ ᠪᠠᠨ ᠴᠢᠩᠭᠠᠳᠬᠠᠵᠤ᠂ ᠬᠠᠮᠲᠤ ᠶ᠋ᠢᠨ ᠠᠵᠢᠯᠯᠠᠭ᠎ᠠ ᠪᠠᠨ ᠥᠷᠭᠡᠳᠬᠡᠨ᠂ ᠳᠤᠮᠳᠠᠳᠤ ᠠᠮᠧᠷᠢᠺᠠ ᠬᠣᠶᠠᠷ ᠤᠯᠤᠰ ᠤᠨ ᠬᠠᠷᠢᠯᠴᠠᠭ᠎ᠠ ᠶ᠋ᠢ ᠡᠷᠡᠭᠦᠯ ᠲᠣᠭᠲᠠᠭᠤᠨ ᠢᠶᠠᠷ ᠬᠥᠭᠵᠢᠭᠦᠯᠵᠦ᠂ ᠨᠡᠩ ᠪᠠᠶᠠᠯᠢᠭ ᠠᠮᠵᠢᠯᠲᠠ ᠣᠯᠵᠤ᠂ ᠬᠣᠶᠠᠷ ᠤᠯᠤᠰ ᠤᠨ ᠢᠷᠬᠡᠳ ᠪᠣᠯᠣᠨ ᠡᠯ᠎ᠡ ᠤᠯᠤᠰ ᠤᠨ ᠢᠷᠬᠡᠳ ᠲᠤ ᠪᠤᠶᠠᠨ ᠵᠢᠷᠭᠠᠯ ᠡᠳ᠋ᠯᠡᠭᠦᠯᠬᠦ ᠳᠤᠷᠠᠲᠠᠢ ᠪᠠᠶᠢᠨ᠎ᠠ ᠭᠡᠵᠡᠢ᠃

    ᠬᠣᠶᠠᠷ ᠤᠯᠤᠰ ᠤᠨ ᠲᠥᠷᠥ ᠶ᠋ᠢᠨ ᠲᠡᠷᠢᠭᠦᠨ ᠨᠢᠭᠲᠠ ᠬᠠᠷᠢᠯᠴᠠᠭ᠎ᠠ ᠪᠠᠨ ᠪᠠᠷᠢᠮᠲᠠᠯᠠᠵᠤ᠂ ᠬᠠᠮᠲᠤ ᠪᠠᠷ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠪᠣᠳᠣᠯ ᠢᠶᠡᠨ ᠴᠠᠭ ᠲᠤᠬᠠᠢ ᠳ᠋ᠤᠨᠢ ᠰᠣᠯᠢᠯᠴᠠᠨ᠂ ᠡᠯ᠎ᠡ ᠴᠠᠷ᠎ᠠ ᠬᠦᠷᠢᠶᠡᠨ ᠳ᠋ᠡᠬᠢ ᠰᠣᠯᠢᠯᠴᠠᠭ᠎ᠠ ᠪᠣᠯᠣᠨ ᠬᠠᠮᠲᠤ ᠶ᠋ᠢᠨ ᠠᠵᠢᠯᠯᠠᠭ᠎ᠠ ᠪᠠᠨ ᠴᠢᠩᠭᠠᠳᠬᠠᠵᠤ᠂ ᠡᠷᠲᠡᠬᠡᠨ ᠠᠭᠤᠯᠵᠠᠯᠲᠠ ᠬᠢᠬᠦ ᠶ᠋ᠢ ᠬᠦᠯᠢᠶᠡᠨ ᠵᠥᠪᠰᠢᠶᠡᠷᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
010070230030000000000000011120701120461184