蒙古文网站Logo
ᠰᠢᠨᠬᠤᠸᠠ ᠮᠤᠩᠭ᠋ᠤᠯ ᠨᠧᠲ

ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠬᠢᠨᠠᠨ ᠰᠢᠯᠭᠠᠬᠤ ᠪᠠᠭ ᠳᠤᠮᠢᠯᠠᠵᠤ ᠬᠦᠯᠦᠰᠦᠨ ᠠᠵᠢᠯᠴᠢᠨ ᠤ ᠴᠠᠯᠢᠩ ᠮᠦᠩᠬᠦ ᠶᠢ ᠬᠤᠶᠢᠰᠢᠯᠠᠭᠤᠯᠬᠤ ᠤᠴᠢᠷ ᠢ ᠰᠢᠶ᠋ᠳᠪᠦᠷᠢᠯᠡᠨ᠎ᠡ

2017-02-15 09:01

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠬᠡ   ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠬᠤ ᠶᠢ ᠰᠢᠶ᠋ᠳᠪᠦᠷᠢᠯᠡᠬᠦ᠂ ᠬᠦᠯᠦᠰᠦᠨ ᠠᠵᠢᠯᠴᠢᠨ ᠤ ᠬᠦᠳᠡᠯᠮᠦᠷᠢ ᠶᠢᠨ ᠬᠦᠯᠦᠰᠦ ᠤᠯᠭᠤᠮᠵᠢ ᠶᠢᠨ ᠡᠷᠬᠡ ᠶᠢ ᠬᠠᠮᠠᠭᠠᠯᠠᠬᠤ ᠠᠵᠢᠯ ᠢ ᠮᠠᠰᠢ ᠴᠢᠬᠤᠯᠠᠴᠢᠯᠠᠨ ᠦᠵᠡᠵᠤ ᠪᠤᠢ᠃ 2 ᠰᠠᠷ᠎ᠠ ᠶᠢᠨ 3 ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠳᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳ᠋ᠠᠭᠠᠨ ᠬᠦᠮᠦᠨ ᠢᠶᠡᠷ ᠦᠨᠳᠦᠰᠦ ᠪᠤᠯᠭᠠᠬᠤ ᠬᠦᠭᠵᠢᠯᠳᠡ ᠶᠢᠨ ᠦᠵᠡᠯ ᠢ ᠳᠤᠤᠱᠯᠠᠭᠤᠯᠵᠤ᠂ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠬᠤ ᠠᠰᠠᠭᠤᠳᠠᠯ ᠢ ᠦᠨᠡᠨᠬᠦ ᠰᠢᠶ᠋ᠳᠪᠦᠷᠢᠯᠡᠨ᠂ ᠠᠵᠢᠯ ᠤᠨ ᠪᠠᠶᠢᠷᠢ ᠬᠠᠩᠭᠠᠬᠤ ᠪᠤᠳᠤᠯᠭ᠎ᠠ᠂ ᠬᠦᠯᠦᠰᠦᠨ ᠠᠵᠢᠯᠴᠢᠨ ᠤ ᠬᠦᠯᠦᠰᠦ ᠤᠯᠭᠤᠮᠵᠢ ᠶᠢ ᠳᠡᠬᠡᠭᠰᠢᠯᠡᠬᠦᠯᠬᠦ᠂ ᠨᠡᠶᠢᠬᠡᠮ ᠤᠨ ᠳᠦᠪ ᠭᠤᠤᠯᠴᠢ ᠶᠢ ᠠᠬᠢᠭᠤᠯᠬᠤ ᠴᠢᠬᠤᠯᠠ ᠠᠷᠭ᠎ᠠ ᠠᠪᠴᠠᠯ ᠵᠡᠷᠬᠡ ᠶᠢ ᠤᠯᠠᠮ ᠢᠳᠡᠪᠬᠢᠳᠡᠢ ᠬᠡᠷᠡᠭᠵᠢᠬᠦᠯᠵᠤ᠂ ᠳᠤᠰᠬᠠᠶᠢᠯᠠᠭᠰᠠᠨ ᠴᠡᠭᠴᠡᠯᠡᠯᠳᠡ ᠬᠢᠬᠡᠳ ᠬᠢᠨᠠᠨ ᠰᠢᠯᠭᠠᠯᠳᠠ ᠵᠤᠬᠢᠶᠠᠨ ᠪᠠᠶᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃

    ᠳᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠨᠢ ᠤᠶᠢᠷ᠎ᠠ ᠶᠢᠨ ᠡᠳᠦᠷ ᠬᠦᠯᠦᠰᠦᠨ ᠠᠵᠢᠯᠴᠢᠨ ᠤ ᠴᠠᠯᠢᠩ ᠮᠦᠩᠬᠦ ᠶᠢ ᠬᠤᠶᠢᠰᠢᠯᠠᠭᠤᠯᠬᠤ ᠤᠴᠢᠷ ᠢ ᠰᠢᠶ᠋ᠳᠪᠦᠷᠢᠯᠡᠬᠦ ᠬᠢᠨᠠᠨ ᠰᠢᠯᠭᠠᠯᠳᠠ ᠶᠢᠨ ᠪᠠᠭ ᠪᠠᠶᠢᠭᠤᠯᠵᠤ᠂ ᠡᠯ᠎ᠡ ᠮᠤᠵᠢ ᠳᠤ ᠳᠤᠮᠢᠯᠠᠨ ᠳᠤᠰᠬᠠᠶᠢᠯᠠᠭᠰᠠᠨ ᠬᠢᠨᠠᠨ ᠰᠢᠯᠭᠠᠯᠳᠠ ᠶᠢᠨ ᠠᠵᠢᠯ ᠵᠤᠬᠢᠶᠠᠨ ᠪᠠᠶᠢᠭᠤᠯᠵᠤ ᠡᠬᠢᠯᠡᠭᠰᠡᠨ ᠪᠠᠶᠢᠨ᠎ᠠ᠃

    ᠬᠢᠨᠠᠨ ᠰᠢᠯᠭᠠᠯᠳᠠ ᠶᠢᠨ ᠪᠠᠭ ᠨᠢ ᠭᠤᠤᠯᠳᠠᠭᠤ ᠡᠯ᠎ᠡ ᠭᠠᠵᠠᠷ ᠤᠨ ᠬᠢᠨ ᠤ ᠳᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠤᠷᠢᠭ ᠰᠠᠨᠠᠭ᠎ᠠ ᠪᠤᠯᠤᠨ 《ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠬᠤ ᠠᠰᠠᠭᠤᠳᠠᠯ ᠢ ᠪᠦᠬᠦ ᠳᠠᠯ᠎ᠠ  ᠪᠡᠷ ᠴᠡᠭᠴᠡᠯᠡᠬᠦ ᠳᠤᠬᠠᠢ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠨ ᠰᠠᠨᠠᠯ》 (ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠡᠴᠡ ᠳᠠᠷᠬᠠᠭᠠᠪᠠ 〔2016〕 1 ᠳᠤᠭᠠᠳᠤ) ᠢ ᠳᠤᠤᠱᠯᠠᠭᠤᠯᠤᠭᠰᠠᠨ ᠪᠠᠶᠢᠳᠠᠯ ᠳᠤ ᠬᠢᠨᠠᠨ ᠰᠢᠯᠭᠠᠯᠳᠠ ᠬᠢᠬᠦ ᠪᠤᠯᠤᠨ᠎ᠠ᠃

    ᠡᠬᠦᠨ ᠳᠤ᠂ ᠪᠠᠷᠢᠯᠭ᠎ᠠ ᠪᠠᠶᠢᠭᠤᠯᠤᠮᠵᠢ ᠶᠢᠨ ᠰᠠᠯᠪᠤᠷᠢ ᠤᠨᠴᠠᠭᠠᠶᠢᠯᠠᠨ ᠵᠠᠰᠠᠭ ᠤᠨ ᠤᠷᠳᠤᠨ ᠤ ᠬᠦᠷᠦᠩᠬᠡ ᠤᠷᠤᠭᠤᠯᠤᠯᠳᠠ ᠲᠠᠢ ᠳᠦᠰᠦᠯ ᠤᠨ ᠬᠦᠷᠢᠶᠡᠨ ᠳ᠋ᠡᠬᠢ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠤᠭᠰᠠᠨ ᠪᠠᠶᠢᠳᠠᠯ; ᠴᠠᠯᠢᠩ ᠢ ᠳᠤᠭᠤᠯᠳᠤᠭᠤᠯᠬᠤ ᠬᠠᠤᠯᠢ ᠪᠤᠰᠤ ᠠᠵᠢᠯᠯᠠᠭ᠎ᠠ ᠤᠨᠴᠠᠭᠠᠶᠢᠯᠠᠨ ᠮᠠᠭᠤ ᠰᠠᠨᠠᠭᠠᠨ ᠤ ᠡᠬᠦᠳᠡᠨ ᠡᠴᠡ ᠴᠠᠯᠢᠩ ᠢ ᠳᠤᠭᠤᠯᠳᠤᠭᠤᠯᠤᠭᠰᠠᠨ ᠶᠠᠯᠠᠳᠤ ᠠᠵᠢᠯᠯᠠᠭᠠᠨ ᠤ ᠪᠠᠶᠢᠳᠠᠯ; ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠤᠭᠰᠠᠨ ᠡᠴᠡ ᠪᠤᠯᠤᠭᠰᠠᠨ ᠤᠯᠠᠨ ᠳᠦᠮᠡᠨ ᠤ ᠴᠢᠨᠠᠷᠳᠠᠢ ᠦᠢᠯᠡ ᠬᠡᠷᠡᠭ ᠢ ᠰᠢᠶ᠋ᠳᠪᠦᠷᠢᠯᠡᠭᠰᠡᠨ ᠪᠠᠶᠢᠳᠠᠯ; ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠬᠤᠶᠢᠰᠢᠯᠠᠭᠤᠯᠬᠤ ᠠᠰᠠᠭᠤᠳᠠᠯ ᠢ ᠰᠢᠶ᠋ᠳᠪᠦᠷᠢᠯᠡᠬᠦ ᠠᠵᠢᠯ ᠤᠨ ᠳᠤᠭᠳᠠᠯᠴᠠᠭ᠎ᠠ ᠶᠢ ᠪᠠᠶᠢᠭᠤᠯᠤᠭᠰᠠᠨ ᠪᠠᠶᠢᠳᠠᠯ; ᠵᠤᠬᠢᠶᠠᠨ ᠪᠠᠶᠢᠭᠤᠯᠵᠤ ᠤᠳᠤᠷᠢᠳᠬᠤ ᠠᠵᠢᠯ ᠢ ᠡᠷᠴᠢᠮᠵᠢᠬᠦᠯᠦᠭᠰᠡᠨ ᠪᠠᠶᠢᠳᠠᠯ ᠵᠡᠷᠬᠡ ᠳᠠᠪᠤᠨ ᠳᠠᠯ᠎ᠠ ᠪᠡᠷ ᠭᠤᠤᠯᠴᠢᠯᠠᠨ ᠬᠢᠨᠠᠨ ᠰᠢᠯᠭᠠᠯᠳᠠ ᠬᠢᠨ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
  • ᠲᠡᠭᠡᠳᠦ ᠮᠤᠩᠭ᠋ᠤᠯ ᠤᠨ ᠤᠲᠤᠳ ᠤᠨ ᠤᠯᠠᠭᠠᠭᠴᠢᠨ ᠲᠠᠬᠢᠶ᠎ᠠ ᠵᠢᠯ ᠤᠨ ᠰᠠᠷ᠎ᠠ ᠰᠢᠨ᠎ᠡ ᠶᠢᠨ ᠲᠠᠭᠤᠤ ᠬᠦᠭ᠍ᠵᠢᠮ ᠤᠨ ᠴᠢᠭᠤᠯᠭᠠᠨ ( ᠨᠢᠭᠡ )
关闭
010070230030000000000000011120701120468609