蒙古文网站Logo
ᠰᠢᠨᠬᠤᠸᠠ ᠮᠤᠩᠭ᠋ᠤᠯ ᠨᠧᠲ

ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠳᠠᠪᠤᠳᠤᠭᠠᠷ ᠬᠤᠷᠠᠯ ᠤᠳᠠᠬᠤ ᠦᠬᠡᠢ ᠬᠤᠷᠠᠯᠳᠤᠨ᠎ᠠ

2017-02-28 08:57

    ᠰᠢᠨᠬᠤᠧᠠ ᠬᠤᠷᠢᠶ᠎ᠠ   ᠪᠡᠬᠡᠵᠢᠩ ᠤᠨ 2 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠬᠡ

     ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠳᠠᠪᠤᠳᠤᠭᠠᠷ ᠬᠤᠷᠠᠯ ᠢ ᠬᠤᠷᠠᠯᠳᠤᠭᠤᠯᠬᠤ ᠳᠤᠬᠠᠢ ᠳᠤᠭᠳᠠᠭᠠᠯ

    (2017 ᠤᠨ ᠤ 2 ᠰᠠᠷ᠎ᠠ ᠶᠢᠨ 27 ᠤ ᠡᠳᠦᠷ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠬᠡᠷ ᠬᠤᠷᠠᠯ ᠢᠶᠡᠷ ᠪᠠᠳᠤᠯᠠᠪᠠ)

    ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠬᠡᠷ ᠬᠤᠷᠠᠯ ᠤᠨ ᠳᠤᠭᠳᠠᠭᠠᠯ᠄ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠳᠠᠪᠤᠳᠤᠭᠠᠷ ᠬᠤᠷᠠᠯ ᠢ 2017 ᠤᠨ ᠤ 3 ᠰᠠᠷ᠎ᠠ ᠶᠢᠨ 3 ᠤ ᠡᠳᠦᠷ ᠪᠡᠬᠡᠵᠢᠩ ᠳᠤ ᠬᠤᠷᠠᠯᠳᠤᠭᠤᠯᠤᠨ᠎ᠠ᠃ ᠰᠠᠨᠠᠯ ᠪᠤᠯᠭᠠᠬᠤ ᠭᠤᠤᠯ ᠠᠭᠤᠯᠭ᠎ᠠ᠄ ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠵᠦᠪᠯᠡᠨ᠎ᠡ; ᠤᠯᠤᠰ ᠳᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠳᠦᠷᠪᠡᠳᠦᠬᠡᠷ ᠬᠤᠷᠠᠯ ᠡᠴᠡ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠬᠦᠯᠦᠯᠳᠡ ᠶᠢ ᠬᠢᠨᠠᠨ ᠵᠦᠪᠯᠡᠨ᠎ᠡ; ᠪᠦᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠬᠡ ᠬᠤᠷᠠᠯ ᠤᠨ ᠳᠠᠪᠤᠳᠤᠭᠠᠷ ᠬᠤᠷᠠᠯ ᠳᠤ ᠤᠷᠤᠯᠴᠠᠵᠤ᠂ ᠵᠠᠰᠠᠭ ᠤᠨ ᠭᠠᠵᠠᠷ ᠤᠨ ᠠᠵᠢᠯ ᠤᠨ ᠢᠯᠡᠳᠬᠡᠯ ᠪᠤᠯᠤᠨ ᠪᠤᠰᠤᠳ ᠬᠠᠮᠢᠶᠠᠳᠠᠢ ᠮᠡᠳᠡᠬᠦᠯᠦᠯᠳᠡ ᠶᠢ ᠬᠢᠨᠠᠨ ᠵᠦᠪᠯᠡᠨ᠎᠎ᠠ; ᠢᠷᠬᠡᠨ ᠤ ᠬᠠᠤᠯᠢ ᠶᠢᠨ ᠶᠡᠷᠦᠩᠬᠡᠢ ᠳᠦᠷᠢᠮ ᠤᠨ ᠳᠦᠰᠦᠯ ᠢ ᠬᠢᠨᠠᠨ ᠵᠦᠪᠯᠡᠨ᠎ᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120701120540685