蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠬᠢᠴᠢᠶᠡᠯ ᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠬᠢᠨᠠᠨ ᠤᠳᠤᠷᠢᠳᠬᠤ ᠦᠨᠡᠯᠡᠬᠡᠨ ᠤ ᠬᠡᠪᠴᠢᠶᠡᠨ ᠳᠦ ᠤᠷᠤᠭᠤᠯᠵᠠᠢ

2017-04-11 10:35

    ᠰᠢᠨᠬᠤᠧᠠ ᠬᠤᠷᠢᠶ᠎ᠠ   ᠪᠡᠭᠡᠵᠢᠩ ᠤᠨ 4 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠱᠢ ᠢᠤᠢ ᠼᠡᠨ) ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠦᠨᠡᠯᠡᠯᠲᠡ ᠶᠢᠨ ᠪᠠᠶᠢᠭᠤᠯᠤᠮᠵᠢ ᠢᠢ ᠪᠠᠶᠢᠭᠤᠯᠵᠤ᠂ ᠲᠠᠮᠢᠷ ᠤᠨ ᠠᠵᠢᠯ ᠤᠨ ᠬᠢᠷᠢ ᠲᠦᠪᠰᠢᠨ ᠪᠠ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠡᠴᠡ 10 ᠤ ᠡᠳᠦᠷ 《ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠬᠢᠨᠠᠨ ᠤᠳᠤᠷᠢᠳᠬᠤ ᠦᠨᠡᠯᠡᠬᠡᠨ ᠤ ᠠᠷᠭ᠎ᠠ 》 ᠢᠢ ᠨᠡᠶᠢᠲᠡᠯᠡᠵᠤ᠂ ᠪᠡᠶ᠎ᠡ ᠶᠢᠨ ᠲᠠᠮᠢᠷ ᠡᠷᠡᠭᠦᠯ ᠮᠡᠨᠳᠦ ᠬᠢᠴᠢᠶᠡᠯ ᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠬᠢᠨᠠᠨ ᠤᠳᠤᠷᠢᠳᠬᠤ ᠦᠨᠡᠯᠡᠬᠡᠨ ᠤ ᠬᠡᠪᠴᠢᠶᠡᠨ ᠳᠦ ᠤᠷᠤᠭᠤᠯᠤᠨ᠎ᠠ ᠭᠡᠵᠦ ᠲᠤᠳᠤᠷᠬᠠᠢ ᠳᠤᠷᠠᠳᠴᠠᠢ᠃

    ᠲᠤᠰ 《ᠠᠷᠭ᠎ᠠ》 ᠶᠢ ᠦᠨᠳᠦᠰᠦᠯᠡᠪᠡᠯ᠂ ᠬᠢᠨᠠᠨ ᠤᠳᠤᠷᠢᠳᠬᠤ ᠦᠨᠡᠯᠡᠬᠡ ᠨᠢ ᠭᠤᠤᠯᠳᠠᠭᠤ ᠨᠢᠭᠡᠲᠦᠯᠲᠠᠢ ᠬᠠᠮᠢᠶᠠᠷᠤᠯᠲᠠ᠂ ᠵᠢᠭᠠᠨ ᠵᠢᠯᠤᠭᠤᠳᠤᠨ ᠰᠤᠷᠭᠠᠨ ᠬᠦᠮᠦᠵᠢᠭᠦᠯᠬᠦ᠂ ᠨᠦᠭᠦᠴᠡᠯ ᠪᠤᠯᠤᠯᠴᠠᠭ᠎ᠠ ᠶᠢᠨ ᠪᠠᠲᠤᠯᠠᠭ᠎ᠠ᠂ ᠦᠨᠡᠯᠡᠯᠲᠡ ᠶᠢᠨ ᠰᠢᠯᠭᠠᠯᠲᠠ᠂ ᠪᠡᠶ᠎ᠡ ᠮᠠᠬᠠᠪᠤᠳ ᠤᠨ ᠡᠷᠡᠭᠦᠯ ᠮᠡᠨᠳᠦ ᠵᠡᠷᠭᠡ ᠲᠠᠯ᠎ᠠ ᠶᠢᠨ ᠠᠭᠤᠯᠭ᠎ᠠ ᠶᠢᠨ ᠲᠤᠭᠤᠷᠢᠨ ᠳᠦ ᠶᠠᠪᠤᠭᠳᠠᠨ᠎ᠠ᠃ ᠵᠢᠭᠠᠨ ᠵᠢᠯᠤᠭᠤᠳᠴᠤ ᠰᠤᠷᠭᠠᠨ ᠬᠦᠮᠦᠵᠢᠭᠦᠯᠬᠦ ᠲᠠᠯ᠎ ᠠ ᠪᠡᠷ᠂ ᠬᠢᠨᠠᠨ ᠤᠳᠤᠷᠢᠳᠬᠤ ᠦᠨᠡᠯᠡᠬᠡᠨ ᠤ ᠲᠦᠰᠦᠯ ᠨᠢ ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠬᠢᠴᠢᠶᠡᠯ ᠢ ᠨᠡᠭᠡᠭᠡᠨ᠂ ᠵᠠᠪᠰᠠᠷᠯᠠᠭ᠎ᠠ ᠶᠢᠨ ᠲᠠᠮᠢᠷ ᠤᠨ ᠬᠦᠳᠡᠯᠭᠡᠭᠡᠨ ᠢ ᠦᠷᠨᠢᠭᠦᠯᠤᠨ᠂ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠢᠢ ᠭᠦᠨᠵᠡᠭᠡᠶᠢᠷᠡᠭᠦᠯᠵᠤ᠂ ᠴᠢᠨᠠᠷ ᠴᠢᠨᠰᠠᠭ᠎ᠠ ᠢᠢ ᠳᠡᠭᠡᠭᠰᠢᠯᠡᠭᠦᠯᠬᠦ ᠪᠠ ᠰᠤᠷᠤᠭᠴᠢᠳ ᠤᠨ ᠬᠢᠴᠢᠶᠡᠯ ᠤᠨ ᠭᠠᠳᠠᠨᠠᠬᠢ ᠪᠤᠯᠪᠠᠰᠤᠷᠠᠯ ᠢ ᠴᠢᠩᠭᠠᠳᠬᠠᠵᠤ᠂ ᠲᠠᠮᠢᠷ ᠤᠨ ᠬᠦᠳᠡᠯᠭᠡᠭᠡᠨ ᠢ ᠦᠷᠭᠡᠨ ᠢᠶᠡᠷ ᠨᠡᠭᠡᠭᠡᠨ᠂ ᠬᠢᠴᠢᠶᠡᠯ ᠤᠨ ᠭᠠᠳᠠᠨᠠᠬᠢ ᠪᠤᠯᠪᠠᠰᠤᠷᠠᠯ ᠬᠢᠭᠡᠳ ᠤᠯᠠᠨ ᠲᠦᠷᠦᠯ ᠤᠨ ᠤᠷᠤᠯᠳᠤᠭᠠᠨ ᠰᠤᠷᠢᠭ᠎ᠠ ᠢᠢ ᠵᠤᠬᠢᠶᠠᠨ ᠪᠠᠶᠢᠭᠤᠯᠬᠤ᠂ ᠳᠤᠭᠳᠠᠭᠰᠠᠨ ᠬᠤᠭᠤᠴᠠᠭᠠᠨ ᠤ ᠳᠠᠮᠢᠷ ᠤᠨ ᠬᠦᠳᠡᠯᠬᠡᠬᠡᠨ ᠦᠷᠨᠢᠬᠦᠯᠬᠦ ᠵᠡᠷᠭᠡ ᠠᠭᠤᠯᠭ᠎ᠠ ᠢᠢ ᠪᠠᠭᠲᠠᠭᠠᠨ᠎ᠠ᠃

    ᠲᠠᠨᠢᠯᠴᠠᠭᠤᠯᠤᠭᠰᠠᠨ  ᠢᠶᠡᠷ᠂ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠬᠢᠨᠠᠨ ᠤᠳᠤᠷᠢᠳᠬᠤ ᠵᠦᠪᠯᠡᠯ ᠤᠨ ᠠᠯᠪᠠᠨ ᠭᠡᠷ ᠲᠤᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠤᠨ ᠭᠤᠤᠯᠳᠠᠯᠭ᠎ᠠ ᠵᠢᠴᠢ ᠤᠷᠤᠰᠢᠵᠤ ᠪᠠᠶᠢᠭ᠎ᠠ ᠠᠰᠠᠭᠤᠳᠠᠯ ᠳᠦ ᠴᠢᠭᠯᠡᠭᠦᠯᠦᠨ᠂ ᠬᠢᠨᠠᠨ ᠤᠳᠤᠷᠢᠳᠬᠤ ᠦᠨᠡᠯᠡᠬᠡᠨ ᠤ ᠭᠤᠤᠯᠳᠠᠯᠭ᠎ᠠ ᠢᠢ ᠲᠤᠭᠲᠠᠭᠠᠵᠤ᠂ ᠬᠢᠨᠠᠨ ᠤᠳᠤᠷᠢᠳᠴᠤ ᠰᠤᠩᠭᠤᠨ ᠪᠠᠶᠢᠴᠠᠭᠠᠵᠤ᠂ ᠬᠠᠷᠢᠭᠤ ᠮᠡᠳᠡᠭᠦᠯᠦᠨ ᠨᠡᠶᠢᠭᠡᠮ ᠳᠦ ᠵᠠᠷᠯᠠᠨ᠎ᠠ ᠭᠡᠵᠠᠢ᠃ ᠲᠤᠰ《ᠠᠷᠭ᠎ᠠ》ᠳ᠋ᠤ ᠪᠠᠰᠠ᠂ ᠤᠷᠤᠨ ᠨᠤᠲᠤᠭ ᠤᠨ ᠡᠯ᠎ᠡ ᠱᠠᠲᠤᠨ ᠤ ᠵᠠᠰᠠᠭ ᠤᠨ ᠤᠷᠳᠤᠨ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠡᠴᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨᠠᠨ ᠤᠳᠤᠷᠢᠳᠬᠤ ᠦᠨᠡᠯᠡᠬᠡᠨ ᠤ ᠦᠷ᠎ᠡ ᠳ᠋ᠦᠩ ᠢᠶᠡᠷ ᠺᠠᠳ᠋ᠷ ᠢ ᠬᠢᠨᠠᠨ ᠰᠢᠯᠭᠠᠬᠤ᠂ ᠰᠤᠷᠭᠠᠭᠤᠯᠢ ᠡᠴᠡ ᠬᠠᠷᠢᠭᠤᠴᠠᠯᠭ᠎ᠠ ᠨᠡᠬᠡᠮᠵᠢᠯᠡᠬᠦ᠂ ᠱᠠᠩᠨᠠᠵᠤ ᠳᠤᠷᠭᠠᠬᠤ ᠶᠢᠨ ᠴᠢᠬᠤᠯᠠ ᠦᠨᠳᠦᠰᠦᠯᠡᠯ ᠪᠤᠯᠭᠠᠨ᠎ᠠ ᠭᠡᠵᠤ ᠴᠢᠬᠤᠯᠠᠴᠢᠯᠠᠵᠠᠢ᠃ (ᠳᠠᠳᠤᠯᠭ᠎ᠠ ᠶᠢᠨ ᠰᠤᠷᠤᠭᠴᠢ ᠳᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120701120786421