蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ ᠹᠢᠯᠢᠫᠢᠨ ᠦ ᠶᠡᠷᠦᠩᠬᠡᠶᠢᠯᠡᠭᠴᠢ ᠳ᠋ᠦᠲ᠋ᠧᠷᠲ ᠺᠧᠨᠢᠶᠠ ᠶ᠋ᠢᠨ ᠶᠡᠷᠦᠩᠬᠡᠶᠢᠯᠡᠭᠴᠢ ᠺᠧᠨ᠋ᠶᠠᠲ᠋ᠠ ᠲᠠᠢ ᠠᠭᠤᠯᠵᠠᠪᠠ

2017-05-16 16:17

    ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠶᠢᠨ 5 ᠰᠠᠷ᠎ᠠ ᠶ᠋ᠢᠨ16 ᠤ ᠡᠳᠦᠷ ‍ᠥᠨ ᠮᠡᠳᠡᠭᠡ ᠶᠢ ᠦᠨᠳᠦᠰᠦᠯᠡᠪᠡᠯ᠂ ᠲᠥᠷᠥ ᠶ᠋ᠢᠨ ᠶᠠᠪᠤᠳᠠᠯ ᠤᠨ ᠬᠣᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 15 ᠤ ᠦᠳᠡ ᠶ᠋ᠢᠨ ᠬᠣᠶᠢᠨ᠎ᠠ ᠠᠷᠠᠳ ᠤᠨ ᠶᠡᠬᠡ ᠬᠤᠷᠠᠯ ᠲᠠᠩᠬᠢᠮ ᠳ᠋ᠤ 《ᠨᠢᠭᠡ ᠪᠦᠰᠡ ᠨᠢᠭᠡ ᠵᠠᠮ》 ᠣᠯᠠᠨ ᠤᠯᠤᠰ ᠤᠨ ᠬᠠᠮᠲᠤ ᠶ᠋ᠢᠨ ᠠᠵᠢᠯᠯᠠᠭᠠᠨ ᠤ ᠳᠡᠭᠡᠳᠦ ᠲᠦᠪᠰᠢᠨ ᠦ ᠹᠤᠷᠦ᠋ᠮ ᠳᠤ ᠣᠷᠣᠯᠴᠠᠬᠤ ᠪᠠᠷ ᠢᠷᠡᠭᠰᠡᠨ ᠹᠢᠯᠢᠫᠢᠨ ᠦ ᠶᠡᠷᠦᠩᠬᠡᠶᠢᠯᠡᠭᠴᠢ ᠳ᠋ᠦᠲ᠋ᠧᠷᠲ᠂ ᠺᠧᠨᠢᠶᠠ ᠶ᠋ᠢᠨ ᠶᠡᠷᠦᠩᠬᠡᠶᠢᠯᠡᠭᠴᠢ ᠺᠧᠨ᠋ᠶᠠᠲ᠋ᠠ ᠲᠠᠢ ᠠᠭᠤᠯᠵᠠᠭᠰᠠᠨ ᠪᠠᠶᠢᠨ᠎ᠠ᠃

    ᠹᠢᠯᠢᠫᠢᠨ ᠦ ᠶᠡᠷᠦᠩᠬᠡᠶᠢᠯᠡᠭᠴᠢ ᠳ᠋ᠦᠲ᠋ᠧᠷᠲ ᠲᠠᠢ ᠠᠭᠤᠯᠵᠠᠬᠤ ᠦᠶ᠎ᠡ ᠯᠢ ᠺᠧ ᠴᠢᠶᠠᠩ ᠢᠯᠡᠷᠬᠡᠶᠢᠯᠡᠬᠦ ᠳ᠋ᠡᠭᠡᠨ᠂ ᠳᠤᠮᠳᠠᠳᠤ ᠹᠢᠯᠢᠫᠢᠨ ᠦ ᠬᠠᠷᠢᠯᠴᠠᠭ᠎ᠠ ᠡᠶᠡᠯᠳᠡᠭ ᠬᠥᠷᠰᠢ ᠶ᠋ᠢᠨ ᠨᠥᠬᠥᠷᠯᠡᠯ ᠦᠨ ᠵᠠᠮ ᠢᠶᠠᠷ ᠤᠷᠤᠭᠰᠢᠯᠠᠬᠤ ᠨᠢ ᠬᠣᠶᠠᠷ ᠤᠯᠤᠰ ᠪᠣᠯᠣᠨ ᠬᠣᠶᠠᠷ ᠤᠯᠤᠰ ᠤᠨ ᠠᠷᠠᠳ ᠲᠦᠮᠡᠨ ᠦ ᠬᠠᠮᠲᠤ ᠶ᠋ᠢᠨ ᠠᠰᠢᠭ ᠲᠤᠰᠠ ᠲᠠᠢ ᠨᠡᠶᠢᠴᠡᠵᠦ ᠪᠠᠶᠢᠨ᠎ᠠ᠂ ᠡᠨᠡ ᠨᠢ ᠪᠠᠰᠠ ᠪᠦᠰᠡ ᠨᠤᠲᠤᠭ ᠤᠨ ᠲᠠᠶᠢᠪᠤᠩ ᠲᠣᠭᠲᠠᠭᠤᠨ ᠪᠠᠶᠢᠬᠤ ᠶ᠋ᠢᠨ ᠱᠠᠭᠠᠷᠳᠠᠯᠭ᠎ᠠ ᠪᠣᠯᠣᠨ᠎ᠠ᠃ ᠹᠢᠯᠢᠫᠢᠨ ᠡᠨᠡ ᠵᠢᠯ ᠵᠡᠭᠦᠨ ᠡᠮᠦᠨᠡᠲᠦ ᠠᠽᠢᠶ᠎ᠠ ᠶ᠋ᠢᠨ ᠬᠣᠯᠪᠣᠭᠠᠨ ᠤ ᠵᠢᠰᠢᠶᠠᠨ ᠤ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠵᠤ ᠪᠠᠶᠢᠨ᠎ᠠ᠂ ᠳᠤᠮᠳᠠᠳᠤ ᠶ᠋ᠢᠨ ᠲᠠᠯ᠎ᠠ ᠹᠢᠯᠢᠫᠢᠨ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶ᠋ᠢᠨ ᠬᠢᠨ ᠲᠠᠢ ᠬᠠᠮᠲᠤ ᠪᠠᠷ ᠳᠣᠷᠣᠨᠠᠲᠤ ᠠᠽᠢᠶ᠎ᠠ ᠶ᠋ᠢᠨ ᠪᠦᠰᠡ ᠨᠤᠲᠤᠭ ᠤᠨ ᠬᠠᠮᠲᠤ ᠶ᠋ᠢᠨ ᠠᠵᠢᠯᠯᠠᠭ᠎ᠠ  ᠶ᠋ᠢ ᠰᠢᠨ᠎ᠡ ᠠᠬᠢᠯᠲᠠ ᠲᠠᠢ ᠪᠣᠯᠭᠠᠵᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶ᠋ᠢᠨ ᠬᠣᠯᠪᠣᠭᠠᠨ ᠤ ᠬᠤᠪᠢ ᠵᠠᠶᠠᠭᠠᠨ ᠤ ᠨᠡᠩ ᠨᠢᠭᠲᠠ ᠬᠠᠮᠲᠤ ᠶ᠋ᠢᠨ ᠴᠣᠭᠴᠠ ᠶ᠋ᠢ ᠪᠠᠶᠢᠭᠤᠯᠬᠤ ᠳᠤᠷᠠᠲᠠᠢ ᠪᠠᠶᠢᠨ᠎ᠠ ᠭᠡᠵᠡᠢ᠃

    ᠺᠧᠨᠢᠶᠠ ᠶ᠋ᠢᠨ ᠶᠡᠷᠦᠩᠬᠡᠶᠢᠯᠡᠭᠴᠢ ᠺᠧᠨ᠋ᠶᠠᠲ᠋ᠠ ᠲᠠᠢ ᠠᠭᠤᠯᠵᠠᠬᠤ ᠦᠶ᠎ᠡ ᠯᠢ ᠺᠧ ᠴᠢᠶᠠᠩ ᠢᠯᠡᠷᠬᠡᠶᠢᠯᠡᠬᠦ ᠳ᠋ᠡᠭᠡᠨ᠂ ᠳᠤᠮᠳᠠᠳᠤ ᠺᠧᠨᠢᠶᠠ ᠶ᠋ᠢᠨ ᠬᠠᠮᠲᠤᠷᠠᠨ ᠪᠠᠶᠢᠭᠤᠯᠵᠤ ᠪᠠᠶᠢᠭ᠎ᠠ ᠮᠣᠮᠪᠠᠰᠠ ᠡᠴᠠ ᠨᠠᠶᠢᠷᠤᠪᠢ ᠬᠦᠷᠲᠡᠯᠡᠬᠢ ᠲᠡᠮᠦᠷ ᠵᠠᠮ ᠢ ᠤᠳᠠᠯ ᠦᠭᠡᠢ ᠪᠠᠶᠢᠭᠤᠯᠵᠤ ᠳᠠᠭᠤᠰᠬᠠᠭᠠᠳ ᠭᠠᠯᠲᠤ ᠲᠡᠷᠭᠡ ᠨᠡᠪᠲᠡᠷᠡᠬᠦ ᠪᠡᠷ ᠪᠠᠶᠢᠨ᠎ᠠ᠃ ᠺᠧᠨᠢᠶᠠ ᠶ᠋ᠢᠨ ᠬᠢᠨ ᠡᠨᠠᠬᠦ ᠲᠡᠮᠦᠷ ᠵᠠᠮ ᠢ ᠰᠠᠶᠢᠨ ᠡᠵᠡᠩᠨᠡᠵᠦ᠂ ᠲᠡᠭᠦᠨ ᠢ ᠵᠡᠭᠦᠨ ᠠᠹᠷᠢᠺᠠ ᠲᠡᠷᠡᠴᠢᠯᠡᠨ ᠪᠦᠬᠦᠯᠢ ᠠᠹᠷᠢᠺᠠ ᠶ᠋ᠢᠨ ᠡᠬᠡ ᠬᠠᠭᠤᠷᠠᠢ ᠶ᠋ᠢᠨ ᠦᠯᠢᠭᠡᠷ ᠵᠢᠱᠢᠶ᠎ᠡ ᠪᠣᠯᠭᠠᠵᠤ᠂ ᠳᠤᠮᠳᠠᠳᠤ ᠠᠹᠷᠢᠺᠠ ᠶ᠋ᠢᠨ ᠦᠢᠯᠡᠳᠪᠦᠷᠢᠯᠡᠯ ᠦᠨ ᠴᠢᠳᠠᠪᠬᠢ᠂ ᠳᠡᠳ᠋ ᠪᠦᠳᠦᠴᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠲᠤ ᠶ᠋ᠢᠨ ᠠᠵᠢᠯᠯᠠᠭ᠎ᠠ ᠳ᠋ᠤ ᠳᠠᠭᠠᠭᠤᠯᠤᠭᠴᠢ ᠦᠢᠯᠡᠳᠦᠯ ᠦᠵᠡᠭᠦᠯᠵᠦ᠂ ᠲᠤᠬᠠᠢ ᠶ᠋ᠢᠨ ᠭᠠᠵᠠᠷ ᠤᠨ ᠡᠳ᠋ ᠤᠨ ᠵᠠᠰᠠᠭ ᠨᠡᠶᠢᠭᠡᠮ ᠦᠨ ᠲᠣᠭᠲᠠᠪᠤᠷᠢᠲᠠᠢ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳ᠋ᠤ ᠲᠤᠰᠠ ᠪᠣᠯᠬᠤ ᠶ᠋ᠢ ᠳᠡᠮᠵᠢᠨ᠎ᠡ ᠭᠡᠵᠡᠢ᠃

    ᠺᠧᠨ᠋ᠶᠠᠲ᠋ᠠ ᠢᠯᠡᠷᠬᠡᠶᠢᠯᠡᠬᠦ ᠳ᠋ᠡᠭᠡᠨ᠂ ᠺᠧᠨᠢᠶᠠ ᠳᠤᠮᠳᠠᠳᠤ ᠶ᠋ᠢᠨ ᠬᠠᠷᠢᠯᠴᠠᠭ᠎ᠠ ᠲᠦᠷᠭᠡᠨ ᠬᠥᠭᠵᠢᠵᠦ᠂ ᠬᠠᠮᠲᠤ ᠶ᠋ᠢᠨ ᠠᠵᠢᠯᠯᠠᠭ᠎ᠠ ᠡᠳᠦᠷ ᠢᠷᠡᠬᠦᠶ᠎ᠡ ᠣᠯᠠᠰᠢᠷᠠᠵᠤ᠂ ᠥᠷᠭᠡᠴᠡ ᠪᠠ ᠭᠦᠨᠴᠡ ᠶ᠋ᠢᠨ ᠲᠠᠯ᠎ᠠ ᠪᠠᠷ ᠰᠢᠨ᠎ᠡ ᠲᠦᠪᠰᠢᠨ ᠳ᠋ᠦ ᠬᠦᠷᠦᠭᠰᠡᠨ ᠶᠤᠮ᠃ ᠺᠧᠨᠢᠶᠠ ᠶ᠋ᠢᠨ ᠲᠠᠯ᠎ᠠ ᠲᠠᠢ ᠳᠡᠭᠡᠳᠦ ᠳᠠᠪᠬᠤᠷᠭ᠎ᠠ ᠶ᠋ᠢᠨ ᠶᠠᠪᠤᠯᠴᠠᠭ᠎ᠠ ᠪᠠᠨ ᠪᠠᠲᠤᠯᠠᠵᠤ᠂ ᠬᠣᠶᠠᠷ ᠲᠠᠯ᠎ᠠ ᠶ᠋ᠢᠨ ᠬᠠᠷᠢᠯᠴᠠᠭ᠎ᠠ ᠢᠮᠠᠭᠲᠠ ᠳᠡᠭᠡᠳᠦ ᠲᠦᠪᠰᠢᠨ ᠳ᠋ᠦ ᠪᠠᠶᠢᠬᠤ ᠶ᠋ᠢ ᠪᠠᠲᠤᠯᠠᠵᠤ᠂ ᠬᠠᠮᠲᠤ ᠪᠠᠷ ᠬᠥᠭᠵᠢᠨ ᠴᠡᠴᠡᠭᠯᠡᠭᠰᠡᠨ ᠠᠮᠵᠢᠯᠲᠠ ᠪᠦᠲᠦᠮᠵᠢ ᠪᠡᠷ ᠢᠶ᠋ᠡᠨ ᠠᠹᠷᠢᠺᠠ ᠳᠤᠮᠳᠠᠳᠤ ᠶ᠋ᠢᠨ ᠬᠠᠷᠢᠯᠴᠠᠨ ᠠᠰᠢᠭᠲᠠᠢ ᠬᠠᠮᠲᠤ ᠶ᠋ᠢᠨ ᠠᠵᠢᠯᠯᠠᠭ᠎ᠠ ᠳ᠋ᠤ ᠰᠢᠨ᠎ᠡ ᠦᠯᠢᠭᠡᠷ ᠵᠢᠱᠢᠶ᠎ᠡ ᠶ᠋ᠢ ᠪᠣᠢ ᠪᠣᠯᠭᠠᠬᠤ ᠳᠤᠷᠠᠲᠠᠢ ᠪᠠᠶᠢᠨ᠎ᠠ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120981861