ᠰᠢ ᠵᠢᠠ ᠫᠢᠩ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠪᠧᠨ ᠶᠠᠩ ᠲᠠᠢ ᠬᠡᠯᠡᠯᠴᠡᠭᠡ ᠬᠢᠪᠡ 2017-05-17 08:33

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠪᠠᠢ ᠵᠢᠶᠧ) ᠨᠠᠮ ᠤᠨ ᠲᠥᠪ ᠬᠣᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠵᠢᠠ ᠫᠢᠩ 16 ᠦ ᠡᠳᠦᠷ ᠪᠡᠭᠡᠵᠢᠩ ᠳ᠋ᠦ 《ᠨᠢᠭᠡ ᠪᠦᠰᠡ ᠨᠢᠭᠡ ᠵᠠᠮ》ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠭᠡᠳᠦ ᠲᠦᠪᠰᠢᠨ ᠦ ᠹᠤᠷᠦ᠋ᠮ ᠳ᠋ᠤ ᠣᠷᠣᠯᠴᠠᠭᠰᠡᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠪᠧᠨ ᠶᠠᠩ ᠲᠠᠢ ᠬᠡᠯᠡᠯᠴᠡᠭᠡ ᠬᠢᠭᠰᠡᠨ ᠪᠠᠶᠢᠨ᠎ᠠ᠃

    ᠰᠢ ᠵᠢᠠ ᠫᠢᠩ᠂ 《ᠨᠢᠭᠡ ᠪᠦᠰᠡ ᠨᠢᠭᠡ ᠵᠠᠮ》 ᠤᠨ ᠪᠠᠶᠢᠭᠤᠯᠤᠯᠲᠠ ᠳ᠋ᠤ ᠢᠳᠡᠪᠬᠢᠲᠡᠢ ᠣᠷᠣᠯᠴᠠᠵᠤ ᠪᠠᠶᠢᠭ᠎ᠠ ᠯᠠᠤᠰ ᠢ ᠳᠤᠮᠳᠠᠳᠤ ᠶᠢᠨ ᠲᠠᠯ᠎ᠠ ᠮᠠᠭᠲᠠᠨ ᠰᠠᠶᠢᠰᠢᠶᠠᠵᠤ ᠪᠠᠶᠢᠨ᠎ᠠ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠯᠠᠤᠰ ᠲᠠᠢ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠠᠮᠵᠢᠯᠲᠠ ᠳ᠋ᠤ ᠬᠦᠷᠴᠦ ᠬᠠᠮᠲᠤ ᠪᠠᠷ ᠬᠥᠭᠵᠢᠵᠦ᠂ ᠰᠠᠶᠢᠨ ᠰᠠᠶᠢᠬᠠᠨ ᠢᠷᠡᠭᠡᠳᠦᠢ ᠪᠡᠨ ᠬᠠᠮᠲᠤ ᠪᠠᠷ ᠴᠣᠭᠴᠠᠯᠠᠨ ᠪᠠᠶᠢᠭᠤᠯᠬᠤ ᠳᠤᠷᠠᠲᠠᠢ ᠪᠠᠶᠢᠨ᠎ᠠ ᠭᠡᠵᠡᠢ᠃

    ᠰᠢ ᠵᠢᠠ ᠫᠢᠩ ᠪᠠᠰᠠ᠂ ᠳᠤᠮᠳᠠᠳᠤ ᠯᠠᠤᠰ ᠬᠣᠶᠠᠷ ᠤᠯᠤᠰ ᠪᠣᠯ ᠪᠠᠶᠢᠯᠳᠤᠬᠤ ᠪᠣᠳᠣᠯᠭ᠎ᠠ ᠶᠢᠨ ᠠᠴᠢ ᠬᠣᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ᠎ᠠ᠃ ᠬᠣᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ ᠬᠠᠷᠢᠯᠴᠠᠭᠠᠨ ᠤ ᠬᠥᠭᠵᠢᠯᠲᠡ ᠶᠢᠨ ᠵᠥᠪ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠯᠠᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠬᠤ ᠲᠦᠩᠰᠢᠯᠡᠯ ᠤᠨ ᠬᠠᠷᠢᠯᠴᠠᠭ᠎ᠠ ᠶᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠬᠥᠭᠵᠢᠭᠦᠯᠬᠦ ᠬᠡᠷᠡᠭᠲᠡᠢ᠃ ᠬᠣᠶᠠᠷ ᠨᠠᠮ ᠬᠣᠶᠠᠷ ᠤᠯᠤᠰ ᠤᠨ ᠳᠡᠭᠡᠳᠦ ᠳᠠᠪᠬᠤᠷᠭ᠎ᠠ ᠢᠯᠠᠩᠭᠤᠶ᠎ᠠ ᠤᠳᠤᠷᠢᠳᠬᠤ ᠬᠥᠮᠥᠰ ᠤᠨ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠬᠣᠶᠠᠷ ᠲᠠᠯ᠎ᠠ ᠶᠢᠨ ᠬᠠᠷᠢᠯᠴᠠᠭᠠᠨ ᠤ ᠲᠤᠬᠠᠢ ᠴᠢᠬᠤᠯᠠ ᠶᠡᠬᠡ ᠠᠰᠠᠭᠤᠳᠠᠯ ᠤᠨ ᠲᠠᠯ᠎ᠠ ᠪᠠᠷ ᠰᠠᠨᠠᠯ ᠪᠣᠳᠣᠯ ᠢᠶᠠᠨ ᠴᠠᠭ ᠲᠤᠬᠠᠢ ᠳ᠋ᠤᠨᠢ ᠰᠣᠯᠢᠯᠴᠠᠵᠤ᠂ ᠬᠣᠶᠠᠷ ᠲᠠᠯ᠎ᠠ ᠶᠢᠨ ᠬᠠᠷᠢᠯᠴᠠᠭᠠᠨ ᠤ ᠤᠯᠤᠰ ᠲᠥᠷᠥ ᠶᠢᠨ ᠵᠢᠯᠣᠭᠣᠳᠤᠮᠵᠢ ᠪᠣᠯᠣᠨ ᠳᠡᠭᠡᠳᠦ ᠳᠠᠪᠬᠤᠷᠭ᠎ᠠ ᠶᠢᠨ ᠲᠥᠯᠥᠪᠯᠡᠭᠡ ᠶᠢ ᠴᠢᠩᠭᠠᠳᠬᠠᠬᠤ ᠬᠡᠷᠡᠭᠲᠡᠢ᠃ ᠪᠢ ᠶᠡᠷᠦᠩᠬᠡᠢ ᠱᠦᠵᠢ ᠪᠧᠨ ᠶᠠᠩ ᠲᠠᠢ ᠣᠨ ᠤ ᠠᠭᠤᠯᠵᠠᠯᠲᠠ ᠶᠢᠨ ᠤᠯᠠᠮᠵᠢᠯᠠᠯ ᠢᠶᠠᠨ ᠬᠡᠪ ᠵᠶ᠋ᠡᠷ ᠪᠠᠶᠢᠯᠭᠠᠬᠤ ᠳᠤᠷᠠᠲᠠᠢ ᠪᠠᠶᠢᠨ᠎ᠠ᠂ ᠮᠦᠨ ᠪᠠᠲᠤᠯᠠᠬᠤ ᠪᠣᠯᠣᠨ᠎ᠠ᠂ ᠶᠡᠷᠦᠩᠬᠡᠢ ᠱᠦᠵᠢ ᠨᠥᠬᠥᠷ ᠦᠨ ᠳᠤᠮᠳᠠᠳᠤ ᠤᠯᠤᠰ ᠲᠤ ᠪᠠᠶᠢᠩᠭᠤ ᠢᠷᠠᠵᠤ ᠠᠶᠢᠯᠴᠢᠯᠠᠬᠤ ᠶᠢ ᠤᠭᠲᠤᠵᠤ ᠪᠠᠶᠢᠨ᠎ᠠ ᠭᠡᠵᠡᠢ᠃

    ᠪᠧᠨ ᠶᠠᠩ᠂ ᠯᠠᠤᠰ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠳ᠋ᠤ ᠣᠯᠣᠭᠰᠠᠨ ᠠᠮᠵᠢᠯᠲᠠ ᠶᠢ ᠯᠠᠤᠰ ᠳᠡᠭᠡᠳᠦ ᠬᠡᠮᠵᠢᠶ᠎ᠡ ᠪᠡᠷ ᠦᠨᠡᠯᠡᠵᠦ ᠪᠠᠶᠢᠬᠤ ᠶᠢᠨ ᠬᠠᠮᠲᠤ 《ᠨᠢᠭᠡ ᠪᠦᠰᠡ ᠨᠢᠭᠡ ᠵᠠᠮ》ᠰᠠᠨᠠᠭᠠᠴᠢᠯᠠᠭ᠎ᠠ ᠶᠢᠨ ᠬᠦᠷᠢᠶᠡᠨ ᠳ᠋ᠠᠬᠢ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠲᠣᠮᠣ ᠳᠦᠰᠦᠯ ᠠᠬᠢᠯᠲᠠ ᠲᠠᠢ ᠪᠣᠯᠣᠭᠰᠠᠨ ᠳ᠋ᠤ ᠰᠡᠳᠬᠢᠯ ᠦᠨᠳᠦᠷ ᠪᠠᠶᠢᠨ᠎ᠠ᠃ ᠬᠣᠶᠠᠷ ᠨᠠᠮ ᠤᠨ ᠤᠳᠤᠷᠢᠳᠬᠤ ᠬᠥᠮᠥᠰ ᠦᠨ ᠨᠢᠭᠲᠠ ᠬᠠᠷᠢᠯᠴᠠᠭ᠎ᠠ ᠶᠢ ᠪᠠᠲᠤᠯᠠᠵᠤ᠂ ᠲᠥᠷᠥ ᠬᠦᠷᠦᠨ ᠵᠶ᠋ᠡᠨ ᠵᠠᠰᠠᠭᠰᠠᠨ ᠲᠤᠷᠰᠢᠯᠭ᠎ᠠ ᠪᠠᠨ ᠰᠣᠯᠢᠯᠴᠠᠵᠤ᠂ ᠺᠠᠳ᠋ᠷᠴᠤᠳ ᠤᠨ ᠰᠣᠯᠢᠯᠴᠠᠭ᠎ᠠ ᠪᠣᠯᠪᠠᠰᠤᠷᠠᠯ ᠢ ᠴᠢᠩᠭᠠᠳᠬᠠᠵᠤ᠂ ᠬᠣᠶᠠᠷ ᠤᠯᠤᠰ ᠪᠠ ᠪᠦᠰᠡ ᠨᠤᠲᠤᠭ ᠤᠨ ᠢᠷᠬᠡᠳ ᠲᠤ ᠪᠤᠶᠠᠨ ᠵᠢᠷᠭᠠᠯ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
010070230030000000000000011120701120984714