ᠰᠢ ᠵᠢᠨ ᠫᠢᠩ ᠢᠲ᠋ᠠᠯᠢ ᠶ᠋ᠢᠨ ᠶᠡᠷᠦᠩᠬᠡᠢ ᠰᠠᠶᠢᠳ ᠭᠧᠨ᠋ᠲ᠋ᠢᠯᠣᠨᠢ ᠲᠠᠢ ᠠᠭᠤᠯᠵᠠᠪᠠ 2017-05-17 09:31

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠪᠠᠢ ᠵᠢᠶᠧ) ᠤᠯᠤᠰ ᠤᠨ ᠲᠡᠷᠢᠭᠦᠯᠡᠭᠴᠢ ᠰᠢ ᠵᠢᠨ ᠫᠢᠩ 16 ᠤ᠋ ᠡᠳᠦᠷ ᠳ᠋ᠢᠶᠤᠤ ᠢᠦᠢ ᠲᠠᠢ ᠳ᠋ᠠᠬᠢ ᠲᠥᠷᠥ ᠵᠢᠨ ᠵᠣᠴᠢᠳ ᠤᠨ ᠪᠠᠭᠤᠳᠠᠯ ᠳ᠋ᠣ 《ᠨᠢᠭᠡ ᠪᠦᠰᠡ ᠨᠢᠭᠡ ᠵᠠᠮ 》ᠣᠯᠠᠨ ᠤᠯᠤᠰ ᠤᠨ ᠬᠠᠮᠲᠤ ᠵᠢᠨ ᠠᠵᠢᠯᠯᠠᠭ᠎ᠠ ᠵᠢᠨ ᠳᠡᠭᠡᠳᠦ ᠲᠦᠪᠰᠢᠨ ‍ᠥ ᠹᠤᠷᠦ᠋ᠮ ᠳ᠋ᠣ ᠣᠷᠣᠯᠴᠠᠭᠰᠠᠨ ᠢᠲ᠋ᠠᠯᠢ ᠵᠢᠨ ᠶᠡᠷᠦᠩᠬᠡᠢ ᠰᠠᠶᠢᠳ ᠭᠧᠨ᠋ᠲ᠋ᠢᠯᠣᠨᠢ ᠲᠠᠢ ᠠᠭᠤᠯᠵᠠᠭᠰᠠᠨ ᠪᠠᠶᠢᠨ᠎ᠠ᠃

    ᠰᠢ ᠵᠢᠨ ᠫᠢᠩ᠂ 《ᠨᠢᠭᠡ ᠪᠦᠰᠡ ᠨᠢᠭᠡ ᠵᠠᠮ 》 ᠤᠨ ᠪᠠᠶᠢᠭᠤᠯᠤᠯᠲᠠ ᠳ᠋ᠣ ᠢᠲ᠋ᠠᠯᠢ ᠵᠢᠨ ᠢᠳᠡᠪᠬᠢᠲᠡᠢ ᠣᠷᠣᠯᠴᠠᠬᠤ ᠵᠢ ᠤᠭᠲᠤᠵᠤ᠂ ᠬᠣᠶᠠᠷ ᠤᠯᠤᠰ ᠤᠨ ᠠᠵᠤ ᠠᠬᠤᠶᠢᠯᠠᠯ ᠭᠠᠷᠠᠮ᠂ ᠬᠥᠯᠭᠡ ᠣᠩᠭᠣᠴᠠ ᠦᠢᠯᠡᠳᠬᠦ᠂ ᠳᠠᠯᠠᠢ ᠳᠡᠭᠡᠷᠡᠬᠢ ᠠᠴᠢᠶ᠎ᠠ ᠵᠥᠭᠡᠭᠡᠪᠦᠷᠢ ᠵᠢᠨ ᠲᠠᠯ᠎ᠠ ᠪᠠᠷ ᠬᠠᠮᠲᠤ ᠵᠢᠨ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ᠃ ᠪᠦᠬᠦ ᠲᠠᠯ᠎ᠠ ᠵᠢᠨ᠂ ᠭᠦᠨ ᠳᠠᠪᠬᠤᠷᠭ᠎ᠠ ᠵᠢᠨ᠂ ᠥᠷᠭᠡᠨ ᠴᠠᠷ᠎ᠠ ᠬᠦᠷᠢᠶᠡᠨ ᠳ᠋ᠥ ᠰᠣᠶᠣᠯ ᠢᠷᠭᠡᠨᠰᠢᠯ ‍ᠥᠨ ᠰᠣᠯᠢᠯᠴᠠᠭ᠎ᠠ ᠵᠢ ᠨᠡᠭᠡᠭᠡᠬᠦ ᠬᠡᠷᠡᠭᠲᠡᠢ᠃ ᠳᠤᠮᠳᠠᠳᠤ ᠵᠢᠨ ᠲᠠᠯ᠎ᠠ ᠢᠲ᠋ᠠᠯᠢ ᠲᠠᠢ ᠣᠯᠠᠨ ᠤᠯᠤᠰ ᠤᠨ ᠴᠢᠬᠤᠯᠠ ᠶᠡᠬᠡ ᠠᠰᠠᠭᠤᠳᠠᠯ ᠳ᠋ᠣ ᠰᠣᠯᠢᠯᠴᠠᠭ᠎ᠠ ᠪᠠᠨ ᠪᠠᠲᠤᠯᠠᠬᠤ ᠳᠤᠷᠠᠲᠠᠢ ᠪᠠᠶᠢᠨ᠎ᠠ ᠭᠡᠵᠡᠢ᠃

    ᠭᠧᠨ᠋ᠲ᠋ᠢᠯᠣᠨᠢ᠂ ᠢᠲ᠋ᠠᠯᠢ ᠵᠢᠨ ᠲᠠᠯ᠎ᠠ《ᠨᠢᠭᠡ ᠪᠦᠰᠡ ᠨᠢᠭᠡ ᠵᠠᠮ 》 ᠤᠨ ᠪᠠᠶᠢᠭᠤᠯᠤᠯᠲᠠ ᠵᠢᠨ ᠲᠥᠰᠥᠪ ‍ᠥᠨ ᠳᠣᠣᠷ᠎ᠠ ᠳᠡᠳ᠋ ᠪᠦᠳᠦᠴᠡ ᠵᠡᠷᠭᠡ ᠬᠠᠮᠲᠤ ᠵᠢᠨ ᠠᠵᠢᠯᠯᠠᠭ᠎ᠠ ᠳ᠋ᠣ ᠣᠷᠣᠯᠴᠠᠬᠤ ᠳᠤᠷᠠᠲᠠᠢ ᠪᠠᠶᠢᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
010070230030000000000000011120701120985394