蒙古文网站Logo
ᠰᠢᠨᠬᠤᠸᠠ ᠮᠤᠩᠭ᠋ᠤᠯ ᠨᠧᠲ

ᠴᠢᠶᠠᠨ ᠴᠢ ᠴᠧᠨ ᠤ ᠴᠢᠨᠳᠠᠷ ᠢ ᠪᠡᠬᠡᠵᠢᠩ ᠳᠤ ᠴᠢᠨᠳᠠᠷᠯᠠᠵᠤ ᠰᠢ ᠵᠢᠨ ᠫᠢᠩ ᠨᠠᠷ ᠪᠠ ᠪᠤᠤ ᠱᠠᠨ ᠳᠤ ᠰᠠᠯᠬᠤ ᠶᠤᠰᠤ ᠬᠦᠢᠴᠡᠳᠬᠡᠪᠡ

2017-05-18 16:07

    ᠰᠢᠨᠬᠤᠧᠠ ᠬᠤᠷᠢᠶ᠎ᠠ   ᠪᠡᠭᠡᠵᠢᠩ ᠤᠨ 5 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢᠳᠡᠭ ᠬᠡᠰᠢᠬᠦᠨ᠂ ᠤᠯᠠᠨ ᠵᠢᠯ ᠤᠨ ᠰᠢᠯᠭᠠᠯᠳᠠ ᠶᠢ ᠳᠤᠭᠤᠯᠤᠭᠰᠠᠨ ᠡᠪ ᠬᠠᠮᠳᠤ ᠶᠤᠰᠤᠨ ᠤ ᠰᠢᠳᠤᠷᠭᠤ ᠪᠠᠶᠢᠯᠳᠤᠭᠴᠢ᠂ ᠦᠬᠡᠶᠢᠬᠦᠦ ᠠᠩᠬᠢ ᠶᠢᠨ ᠬᠤᠪᠢᠰᠬᠠᠯᠴᠢ᠂ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠹᠷᠤᠨᠲ᠋ ᠲᠡᠬᠢ ᠰᠢᠯᠭᠠᠷᠠᠭᠰᠠᠨ ᠤᠳᠤᠷᠢᠳᠤᠭᠴᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠳᠦᠷᠪᠡᠳᠦᠬᠡᠷ᠂ ᠠᠷᠪᠠᠨ ᠳᠠᠪᠤᠳᠤᠭᠠᠷ ᠬᠤᠭᠤᠴᠠᠭᠠᠨ ᠤ ᠳᠦᠪ ᠤᠨ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠤᠤᠯ ᠤᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠤᠤᠯ ᠤᠨ ᠳᠡᠳ᠋ ᠶᠡᠷᠦᠩᠬᠡᠢ ᠰᠠᠶᠢᠳ ᠴᠢᠶᠠᠨ ᠴᠢ ᠴᠧᠨ ᠤ ᠴᠢᠨᠳᠠᠷ ᠢ 18 ᠤ ᠡᠳᠦᠷ ᠪᠡᠬᠡᠵᠢᠩ ᠤᠨ ᠪᠠ ᠪᠤᠤ ᠱᠠᠨ ᠤ ᠬᠤᠪᠢᠰᠬᠠᠯᠴᠢᠳ ᠤᠨ ᠨᠡᠶᠢᠳᠡ ᠶᠢᠨ ᠪᠤᠩᠬᠤᠨ ᠳᠤ ᠴᠢᠨᠳᠠᠷᠯᠠᠪᠠ᠃

    ᠴᠢᠶᠠᠨ ᠴᠢ ᠴᠢᠶᠠᠨ 2017 ᠤᠨ ᠤ 5 ᠰᠠᠷ᠎ᠠ ᠶᠢᠨ 9 ᠤ ᠡᠳᠦᠷ ᠤᠨ 22᠄06 ᠴᠠᠭ ᠲᠤ ᠪᠡᠬᠡᠵᠢᠩ ᠳᠤ ᠡᠪᠡᠳᠴᠢᠨ ᠢᠶᠡᠷ ᠳᠠᠭᠠᠯᠠᠯ ᠳᠡᠬᠦᠰᠴᠠᠢ᠂ ᠨᠠᠰᠤᠨ ᠰᠡᠬᠦᠳᠡᠷ 90 ᠲᠠᠢ᠃

    ᠴᠢᠶᠠᠨ ᠴᠢ ᠴᠧᠨ ᠬᠦᠨᠳᠦ ᠡᠪᠡᠳᠴᠢᠯᠡᠭᠰᠡᠨ ᠬᠤᠭᠤᠴᠠᠭᠠᠨ ᠳᠤ ᠪᠤᠶᠤ ᠳᠠᠭᠠᠯᠠᠯ ᠳᠡᠬᠦᠰᠦᠭᠰᠡᠨ ᠤ ᠳᠠᠷᠠᠭ᠎ᠠ ᠰᠢ ᠵᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠵᠢᠶᠠᠩ ᠽᠧ ᠮᠢᠨ᠂ ᠬᠤ ᠵᠢᠨ ᠲᠤᠤ ᠨᠠᠷ ᠡᠮᠨᠡᠯᠬᠡ ᠳᠤ ᠬᠦᠷᠴᠤ ᠪᠤᠯᠭᠤᠭᠠᠨ ᠦᠵᠡᠭᠰᠡᠨ ᠪᠠ ᠪᠤᠰᠤᠳ ᠶᠠᠩᠵᠤ ᠪᠡᠷ ᠡᠮᠬᠡᠨᠢᠨ ᠭᠠᠰᠢᠭᠤᠳᠠᠭᠰᠠᠨ ᠰᠡᠳᠬᠢᠯ ᠢᠶᠡᠨ ᠢᠯᠡᠳᠬᠡᠵᠤ᠂ ᠮᠦᠨ ᠬᠡᠷ ᠪᠦᠯᠢ ᠶᠢᠨ ᠬᠢᠨ ᠢ ᠨᠢ ᠪᠤᠯᠭᠤᠭᠠᠨ ᠳᠤᠬᠤᠨᠢᠭᠤᠯᠵᠠᠢ᠃

    18 ᠤ ᠦᠳᠡ ᠶᠢᠨ ᠡᠮᠦᠨᠡᠬᠢ 9᠄00 ᠴᠠᠭ ᠤᠨ ᠦᠶ᠎ᠡ ᠪᠡᠷ ᠰᠢ ᠵᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠬᠤ ᠵᠢᠨ ᠲᠤᠤ ᠨᠠᠷ ᠪᠠ ᠪᠤᠤ ᠱᠠᠨ ᠳᠤ ᠴᠢᠶᠠᠨ ᠴᠢ ᠴᠧᠨ ᠤ ᠴᠢᠨᠳᠠᠷ ᠲᠠᠢ ᠰᠠᠯᠬᠤ ᠶᠤᠰᠤ ᠬᠦᠢᠴᠡᠳᠬᠡᠨ᠂ ᠬᠡᠷ ᠪᠦᠯᠢ ᠶᠢᠨ ᠬᠢᠨ ᠲᠠᠢ ᠨᠢ ᠭᠠᠷ ᠠᠳᠬᠤᠵᠤ ᠳᠤᠬᠤᠨᠢᠭᠤᠯᠤᠭᠰᠠᠨ ᠪᠠᠶᠢᠨ᠎ᠠ᠃

    ᠨᠠᠮ ᠪᠠ ᠲᠦᠷᠦ ᠶᠢᠨ ᠪᠤᠰᠤᠳ ᠤᠳᠤᠷᠢᠳᠬᠤ ᠬᠦᠮᠦᠰ ᠬᠦᠷᠦᠯᠴᠡᠨ ᠢᠷᠡᠵᠤ ᠰᠠᠯᠬᠤ ᠶᠤᠰᠤ ᠬᠦᠢᠴᠡᠳᠬᠡᠭᠰᠡᠨ ᠪᠠ ᠡᠮᠬᠡᠨᠢᠨ ᠭᠠᠰᠢᠭᠤᠳᠠᠵᠤ ᠪᠠᠶᠢᠭ᠎ᠠ ᠰᠡᠳᠬᠢᠯ ᠢᠶᠡᠨ ᠢᠯᠡᠳᠬᠡᠪᠡ᠃ ᠳᠦᠪ ᠤᠨ ᠪᠤᠯᠤᠨ ᠳᠦᠷᠦ ᠶᠢᠨ ᠪᠠᠶᠢᠭᠤᠯᠤᠯᠭ᠎ᠠ ᠶᠢᠨ ᠬᠠᠮᠢᠶᠠᠳᠠᠢ ᠰᠠᠯᠠᠭ᠎ᠠ ᠮᠦᠴᠢᠷ ᠤᠨ ᠬᠦᠮᠦᠰ᠂ ᠠᠮᠢᠳᠤ ᠰᠡᠷᠡᠬᠦᠨ ᠪᠠᠶᠢᠬᠤ ᠦᠶ᠎ᠡ ᠶᠢᠨ ᠬᠢᠨᠢ ᠰᠠᠶᠢᠨ ᠨᠦᠬᠦᠳ ᠪᠤᠯᠤᠨ ᠨᠤᠳᠤᠭ ᠤᠨ ᠬᠢᠨᠢ ᠳᠦᠯᠦᠬᠡᠯᠡᠭᠴᠢ ᠮᠦᠨ ᠴᠢᠶᠠᠨ ᠴᠢ ᠴᠧᠨ ᠤ ᠴᠢᠨᠳᠠᠷ ᠲᠠᠢ ᠰᠠᠯᠬᠤ ᠶᠤᠰᠤ ᠬᠦᠢᠴᠡᠳᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120995755