蒙古文网站Logo
ᠰᠢᠨᠬᠤᠸᠠ ᠮᠤᠩᠭ᠋ᠤᠯ ᠨᠧᠲ

ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠡᠴᠡ ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠠᠳ ᠠᠮᠵᠢᠯᠳᠠ ᠤᠯᠤᠭᠰᠠᠨ ᠳᠤ ᠪᠠᠶᠠᠷ ᠤᠨ ᠵᠠᠬᠢᠶ᠎ᠠ ᠢᠯᠡᠬᠡᠪᠡ

2017-05-18 17:31

    5 ᠰᠠᠷ᠎ᠠ ᠶᠢᠨ 18 ᠤ ᠡᠳᠤᠷ᠂ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠶᠠᠮᠤᠨ ᠤ ᠲᠠᠷᠤᠭ᠎ᠠ ᠵᠢᠶᠠᠩ ᠳ᠋ᠠ ᠮᠢᠩ ᠡᠮᠦᠨᠡᠳᠤ ᠲᠠᠯᠠᠢ ᠶᠢᠨ ᠱᠧᠠ ᠬᠤ ᠲᠠᠯᠠᠢ ᠶᠢᠨ ᠪᠦᠰᠡ ᠳ᠋ᠡᠬᠢ《ᠬᠦᠬᠡ ᠬᠠᠯᠢᠮᠤ ᠨᠢᠬᠡ ᠨᠤᠮᠧᠷᠳᠤ》 ᠬᠤᠳᠳᠤᠭ ᠦᠷᠦᠮᠳᠡᠬᠦ ᠲᠠᠪᠴᠠᠩ ᠡᠴᠡ ᠂ ᠮᠠᠨ ᠤ ᠤᠯᠤᠰ ᠠᠩᠬ᠎ᠠ ᠤᠳᠠᠭ᠎ᠠ ᠲᠠᠯᠠᠢ ᠶᠢᠨ ᠪᠦᠰᠡ ᠶᠢᠨ ᠰᠢᠳᠠᠭᠠᠵᠤ ᠪᠤᠯᠬᠤ ᠮᠦᠰᠦ (ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ) ᠶ᠋ᠢ ᠲᠤᠷᠰᠢᠨ ᠤᠯᠪᠤᠷᠢᠯᠠᠭᠠᠳ ᠠᠮᠵᠢᠯᠳᠠ ᠤᠯᠤᠬᠰᠠᠨ ᠭᠡᠵᠦ ᠵᠡᠷᠯᠠᠪᠠ!

    ᠰᠢᠨᠬᠤᠸᠠ ᠬᠤᠷᠢᠶ᠎ᠠ  ᠪᠡᠭᠡᠵᠢᠩ ᠤᠨ 5 ᠰᠠᠷ᠎ᠠ ᠶᠢᠨ 18 ᠤ ᠡᠳᠤᠷ ᠤᠨ ᠴᠠᠬᠢᠯᠭᠠᠨ ᠮᠡᠳᠡᠬᠡ

    ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠶᠠᠮᠤᠨ ᠤ᠋ ᠲᠤᠮᠳᠠᠳᠤ ᠤᠯᠤᠰ ᠤᠨ ᠭᠧᠤᠯᠤᠬᠢ ᠶᠢᠨ ᠰᠤᠳᠤᠯᠤᠯ ᠤᠨ ᠲᠤᠪᠴᠢᠶ᠎ᠠ ᠪᠤᠯᠤᠨ ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠢᠢ ᠲᠤᠷᠰᠢᠨ ᠤᠯᠪᠤᠷᠢᠯᠠᠬᠤ ᠡᠬᠦᠷᠬᠡ ᠶᠢᠨ ᠰᠤᠳᠤᠯᠭᠠᠨ ᠪᠠ ᠲᠤᠷᠰᠢᠯᠳᠠ ᠳᠤ ᠤᠷᠤᠯᠴᠠᠭᠰᠠᠨ ᠪᠠᠶᠢᠭᠤᠯᠤᠯᠭ᠎ᠠ ᠪᠤᠯᠤᠨ ᠪᠦᠬᠦ ᠨᠦᠬᠦᠳ ᠲᠤ᠄

    ᠲᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠠᠳ ᠠᠮᠵᠢᠯᠳᠠ ᠤᠯᠤᠭᠰᠠᠨ ᠲᠠᠰᠢᠷᠠᠮ ᠳ᠋ᠦ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠡᠴᠡ ᠲᠤᠰ ᠤᠳᠠᠭᠠᠨ ᠤ ᠡᠬᠦᠷᠬᠡ ᠶᠢᠨ ᠰᠤᠳᠤᠯᠭᠠᠨ ᠪᠠ ᠲᠤᠷᠰᠢᠯᠳᠠ ᠳᠤ ᠤᠷᠤᠯᠴᠠᠭᠰᠠᠨ ᠪᠠᠶᠢᠭᠤᠯᠤᠯᠭ᠎ᠠ ᠪᠤᠯᠤᠨ ᠠᠵᠢᠯᠳᠠᠳ ᠲᠤ ᠬᠠᠯᠠᠭᠤᠨ ᠮᠡᠨᠳᠤᠴᠢᠯᠡᠬᠡ ᠬᠦᠷᠬᠡᠶ᠎ᠡ!

    ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠪᠤᠯ ᠡᠬᠢ ᠰᠤᠷᠪᠤᠯᠵᠢ ᠪᠠᠶᠠᠯᠢᠭ ᠪᠦᠭᠡᠳ ᠦᠨᠳᠤᠷ ᠦᠷ᠎ᠡ ᠠᠰᠢᠭ ᠲᠠᠢ ᠴᠡᠪᠡᠷ ᠡᠷᠴᠢᠮ ᠬᠦᠴᠦ ᠪᠤᠯᠤᠨ᠎ᠠ᠂ ᠮᠦᠨ ᠢᠷᠡᠬᠡᠳᠤᠢ ᠳᠤ ᠪᠦᠬᠦ ᠪᠦᠮᠪᠦᠷᠴᠡᠭ ᠤᠨ ᠡᠷᠴᠢᠮ ᠬᠦᠴᠦᠨ ᠤ ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠴᠢᠬᠤᠯᠠ ᠲᠦᠪᠯᠡᠷᠡᠯ ᠪᠤᠯᠤᠨ᠎ᠠ᠃ 20 ᠵᠢᠯ ᠤᠨ ᠬᠠᠯᠰᠢᠷᠠᠯ ᠦᠭᠡᠢ ᠴᠢᠷᠮᠠᠶᠢᠯᠭ᠎ ᠠ ᠪᠡᠷ ᠮᠠᠨ ᠤ ᠤᠯᠤᠰ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠬᠠᠶᠢᠨ ᠨᠡᠬᠡᠬᠡᠬᠦ ᠤᠨᠤᠯ᠂ ᠮᠡᠷᠬᠡᠵᠢᠯ᠂ ᠢᠨᠵᠧᠨᠧᠷᠢᠩ᠂ ᠲᠤᠨᠤᠭ ᠲᠦᠬᠦᠬᠡᠷᠤᠮᠵᠢ ᠶᠢ ᠦᠪᠡᠷ ᠢᠶᠡᠨ ᠡᠬᠦᠳᠴᠤ ᠦᠢᠯᠡᠳᠤᠨ᠂ ᠲᠡᠦᠬᠡᠳᠤ ᠴᠢᠨᠠᠷ ᠲᠠᠢ ᠰᠢᠪᠳᠤᠯᠤᠯᠳᠠ ᠶᠢ ᠪᠡᠶᠡᠯᠡᠬᠦᠯᠦᠭ᠍ᠰᠡᠨ ᠪᠠᠶᠢᠨ᠎ᠠ᠃

    ᠡᠨᠡ ᠪᠤᠯ ᠰᠢ ᠵᠢᠨ ᠫᠢᠩ ᠨᠦᠬᠦᠷ  ᠢᠶᠡᠷ ᠭᠤᠤᠯ ᠪᠤᠯᠭᠠᠭᠰᠠᠨ ᠨᠠᠮ ᠤᠨ ᠤᠳᠤᠷᠢᠳᠤᠯᠭ᠎ᠠ ᠲᠤᠤᠷ᠎ᠠ᠂ ᠬᠦᠭ᠍ᠵᠢᠯᠳᠡ ᠶᠢᠨ ᠰᠢᠨ᠎ᠡ ᠤᠬᠠᠭᠠᠭᠳᠠᠬᠤᠨ ᠢ ᠨᠠᠶᠢᠳᠠᠪᠦᠷᠢᠵᠢᠭᠤᠯᠵᠤ᠂ ᠰᠢᠨ᠎ᠡ ᠲᠦᠯᠬᠢᠭ᠍ᠴᠢ ᠬᠦᠴᠦᠨ ᠤ ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠬᠦᠨ ᠲᠠᠯᠠᠢ ᠳᠤ ᠤᠷᠤᠬᠤ᠂ ᠬᠠᠢᠢᠨ ᠬᠡᠮᠵᠢᠬᠦ᠂ ᠨᠡᠬᠡᠬᠡᠯᠳᠡ ᠬᠢᠬᠦ ᠵᠡᠷᠬᠡ ᠵᠠᠩᠬᠢᠯᠠᠭ᠎ᠠ ᠶᠢᠨ ᠮᠡᠷᠬᠡᠵᠢᠯ ᠢ ᠡᠵᠡᠮᠰᠢᠬᠦ ᠲᠠᠯ᠎ᠠ ᠪᠠᠷ ᠤᠯᠤᠬᠰᠠᠨ ᠲᠤᠩ ᠶᠡᠬᠡ ᠠᠮᠵᠢᠯᠳᠠ ᠮᠦᠨ᠂ ᠲᠤᠮᠳᠠᠳᠤ ᠤᠯᠤᠰ ᠤᠨ ᠠᠷᠠᠳ ᠲᠦᠮᠡᠨ ᠲᠡᠯᠡᠬᠡᠢ ᠶᠢᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠤᠷᠬᠢᠯ ᠳ᠋ᠦ ᠮᠠᠴᠤᠬᠤ ᠲᠠᠯ᠎ᠠ ᠵᠢᠨ ᠪᠠᠰᠠ ᠨᠢᠬᠡᠨ ᠪᠡᠯᠭᠡᠳᠡᠯ ᠤᠨ ᠴᠢᠨᠠᠷ ᠲᠠᠢ ᠠᠮᠵᠢᠯᠳᠠ ᠪᠤᠯᠤᠨ᠎ᠠ᠂ ᠡᠷᠴᠢᠮ ᠬᠦᠴᠦᠨ ᠤ ᠦᠢᠯᠡᠳᠪᠦᠷᠢᠯᠡᠯ ᠪᠤᠯᠤᠨ ᠬᠡᠷᠡᠭᠯᠡᠬᠡᠨ ᠤ ᠰᠢᠨᠡᠴᠢᠯᠡᠯᠳᠡ ᠳᠤ ᠴᠢᠬᠤᠯᠠ ᠪᠦᠭᠡᠳ ᠠᠯᠤᠰ ᠬᠡᠳᠦ ᠶᠢᠨ ᠠᠴᠢ ᠬᠤᠯᠪᠤᠬᠳᠠᠯ ᠲᠠᠢ᠃

    ᠳᠠᠯᠠᠢ ᠶᠢᠨ ᠪᠦᠰᠡ ᠶᠢᠨ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠲᠤᠷᠰᠢᠨ ᠤᠯᠪᠤᠷᠢᠯᠠᠭᠰᠠᠨ ᠨᠢ ᠲᠦᠮᠡᠨ ᠭᠠᠵᠠᠷ ᠤᠨ ᠠᠶᠠᠨ  ᠤ ᠠᠡᠭᠬᠠᠨ ᠤ ᠠᠯᠬᠤᠮ ᠪᠤᠯᠤᠨ᠎ᠠ᠂ ᠬᠤᠶᠢᠰᠢᠳᠡᠠ ᠶᠢᠨ ᠡᠭᠦᠷᠭᠡ ᠮᠦᠨ ᠬᠠᠳᠠᠭᠤᠵᠢᠯᠲᠠᠢ ᠮᠦᠷᠳᠡᠭᠡᠨ ᠪᠡᠷᠭᠡ᠃ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠲᠡᠷᠠᠨ ᠪᠦᠯᠬᠦᠮᠳᠡᠵᠤ᠂ ᠰᠢ ᠵᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ ᠶᠢ ᠬᠦᠨᠵᠡᠬᠡᠢ ᠰᠤᠷᠤᠯᠴᠠᠨ ᠲᠤᠤᠱᠯᠠᠭᠤᠯᠵᠤ᠂ ᠤᠨᠴᠠᠭᠠᠶᠢᠯᠠᠨ ᠲᠡᠯᠡᠬᠡᠢ ᠶᠢᠨ ᠪᠦᠮᠪᠦᠷᠴᠡᠭ ᠤᠨ ᠨᠢᠭᠤᠴᠠ ᠶᠢ ᠬᠠᠶᠢᠨ ᠰᠢᠨᠵᠢᠯᠨᠨ ᠤᠷᠤᠭᠰᠢᠯᠠᠬᠤ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠵᠤ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠲᠠᠪᠰᠢᠯᠳᠠ ᠳᠤ ᠲᠦᠰᠢᠭᠯᠡᠨ᠂ ᠲᠠᠯᠠᠢ ᠲᠠᠩᠬᠢᠰ ᠤᠨ ᠠᠮᠢ ᠠᠬᠤᠢ ᠶᠢ ᠬᠠᠮᠠᠭᠠᠯᠠᠬᠤ ᠪᠠ ᠪᠠᠶᠢᠭᠠᠯᠢ ᠶᠢᠨ ᠰᠢᠳᠠᠮᠠᠬᠠᠢ ᠬᠡᠢ ᠤᠰᠤᠨ ᠤ ᠨᠢᠭᠡᠳᠪᠦᠷᠢ ᠶᠢ ᠬᠠᠶᠢᠨ ᠰᠢᠨᠵᠢᠯᠡᠬᠦ ᠨᠡᠬᠡᠬᠡᠨ ᠤᠯᠪᠤᠷᠢᠯᠠᠬᠤ ᠠᠵᠤ ᠦᠢᠯᠡᠰᠵᠢᠯᠳᠡ ᠶᠢᠨ ᠠᠬᠢᠴᠠ ᠶᠢ ᠲᠦᠷᠭᠡᠳᠭᠡᠵᠤ᠂ ᠪᠤᠬᠢᠷᠳᠤᠯ ᠦᠬᠡᠢ ᠬᠦᠭ᠍ᠵᠢᠯᠲᠠ ᠶᠢ ᠠᠬᠢᠭᠤᠯᠬᠤ᠂ ᠤᠯᠤᠰ ᠤᠨ ᠡᠷᠴᠢᠮ ᠬᠦᠴᠦᠨ ᠤ ᠠᠶᠦᠯᠬᠦᠢ ᠶᠢ ᠪᠠᠲᠤᠯᠠᠬᠤ ᠶᠢᠨ ᠲᠦᠯᠦᠬᠡ ᠨᠡᠩ ᠶᠡᠬᠡ ᠬᠤᠪᠢ ᠨᠡᠮᠡᠷᠢ ᠦᠵᠡᠬᠦᠯᠵᠤ᠂ 《ᠬᠤᠤᠰ ᠵᠠᠭᠤᠨ ᠵᠢᠯ》 ᠤ᠋ᠨ ᠲᠡᠮᠡᠴᠡᠬᠦ ᠬᠠᠷᠠᠯᠲᠠ ᠪᠤᠯᠤᠨ ᠳᠤᠮᠳᠠᠳᠤ ᠶᠢᠨ ᠦᠨᠳᠤᠰᠤᠲᠠᠨ ᠤ ᠠᠭᠤᠤ ᠶᠡᠬᠡ ᠰᠡᠷᠭᠦᠨ ᠮᠠᠨᠳᠤᠯᠳᠡ ᠪᠤᠯᠬᠤ ᠳᠤᠮᠳᠠᠳᠤ ᠶᠢᠨ ᠮᠦᠷᠦᠬᠡᠳᠤᠯ ᠢ ᠪᠡᠶᠡᠯᠡᠬᠦᠯᠬᠦ ᠶᠢᠨ ᠲᠦᠯᠦᠬᠡ ᠰᠢᠨ᠎ᠠ ᠠᠮᠵᠢᠯᠳᠠ ᠪᠠᠶᠢᠭᠤᠯᠬᠤ ᠶᠢ ᠲᠠᠨᠠᠷ ᠲᠦ ᠬᠦᠰᠡᠶ᠎ᠠ!

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120691120996143