蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ ᠱᠠᠨᠰᠢ ᠳᠤ ᠰᠢᠨᠵᠢᠯᠡᠨ ᠪᠠᠶᠢᠴᠠᠭᠠᠬᠤ ᠳᠠᠭᠠᠨ ᠦᠭᠡᠷᠡᠴᠢᠯᠡᠯᠳᠡ ᠰᠢᠨᠡᠴᠢᠯᠡᠯᠳᠡ ᠶᠢ ᠲᠦᠷᠬᠡᠳᠬᠡᠵᠥ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠦᠬᠦᠪᠦᠷᠢᠯᠡᠬᠦ ᠬᠡᠷᠡᠭᠳᠡᠢ ᠬᠡᠪᠠ

2017-07-12 16:25

    7 ᠰᠠᠷ᠎ᠠ ᠶᠢᠨ 10 ᠡᠴᠡ 11 ᠤ ᠡᠳᠤᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠡᠰᠢᠬᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ ᠱᠠᠨᠰᠢ ᠮᠤᠵᠢ ᠶᠢᠨ ᠨᠠᠮ ᠤᠨ ᠬᠤᠷᠢᠶᠠᠨ ᠤ ᠱᠦᠵᠢ ᠯᠸᠥ ᠴᠢᠨ ᠵᠢᠶᠠᠨ᠂ ᠮᠤᠵᠢ ᠶᠢᠨ ᠲᠠᠷᠤᠭ᠎ᠠ ᠬᠤ ᠡᡁᠧ ᠫᠢᠩ ᠤᠨ ᠪᠠᠷ᠎ᠠ ᠪᠤᠯᠤᠯᠭ᠎ᠠ ᠲᠠᠢ ᠪᠠᠷ ᠶᠠᠩ ᠯᠢᠩ᠂ ᠪᠤᠤᠵᠢ ᠳᠤ ᠰᠢᠨᠵᠢᠯᠡᠨ ᠪᠠᠶᠢᠴᠠᠭᠠᠪᠠ᠃

    ᠯᠢ ᠺᠧ ᠴᠢᠶᠠᠩ ᠱᠠᠨᠰᠢ ᠶᠢᠨ ᠴᠢᠯᠥᠬᠡᠳᠤ ᠬᠤᠳᠠᠯᠳᠤᠭᠠᠨ ᠤ ᠲᠤᠷᠰᠢᠯᠳᠠ ᠶᠢᠨ ᠪᠦᠰᠡ ᠪᠤᠯᠬᠤ ᠶᠠᠩ ᠯᠢᠩ ᠳᠤ ᠬᠦᠷᠴᠦ《ᠸᠢᠴᠠᠲ ᠢᠶᠡᠷ ᠵᠦᠪᠰᠢᠶᠡᠷᠡᠯ ᠤᠨ ᠬᠡᠷᠡᠴᠢᠯᠡᠬᠡ ᠬᠢᠯᠬᠡᠬᠦ》᠂ 《ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠨᠢᠬᠡ ᠴᠤᠩᠬᠤ ᠪᠠᠷ ᠬᠦᠯᠢᠶᠡᠨ ᠠᠪᠴᠦ ᠰᠢᠢᠳᠪᠤᠷᠢᠯᠡᠬᠦ》ᠵᠡᠷᠬᠡ ᠠᠵᠥ ᠠᠬᠤᠢᠢᠯᠠᠯ ᠳᠤ ᠠᠰᠢᠬᠳᠠᠢ ᠠᠷᠠᠳ ᠲᠤ ᠲᠦᠬᠦᠮ ᠦᠵᠡᠬᠦᠯᠬᠦ ᠦᠭᠡᠷᠡᠴᠢᠯᠡᠯᠳᠡ ᠶᠢᠨ ᠠᠷᠭ᠎ᠠ ᠬᠡᠮᠵᠢᠶ ᠎ᠡ ᠶᠢ ᠨᠤᠳᠠᠯᠠᠪᠠ᠃ ᠲᠡᠷᠡ᠂ ᠵᠠᠰᠠᠭ ᠢ ᠴᠤᠮᠬᠠᠳᠬᠠᠬᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ᠦᠭᠡᠷᠡᠴᠢᠯᠡᠯᠳᠡ ᠶᠢ ᠰᠢᠯᠢᠳᠡᠭᠵᠢᠬᠦᠯᠬᠦ ᠳᠤ ᠵᠠᠩᠬᠢᠯᠠᠭ᠎ᠠ ᠨᠢ ᠤᠯᠠᠨ ᠲᠦᠮᠡᠨ ᠤ ᠦᠨᠡᠯᠡᠯᠳᠡ ᠲᠡᠭᠡᠷ᠎ᠡ ᠢᠯᠡᠷᠡᠬᠦ ᠳᠤ ᠪᠠᠶᠢᠨ᠎ᠠ ᠬᠡᠵᠠᠢ᠃

    ᠶᠠᠩ ᠯᠢᠩ ᠤᠨ ᠤᠯᠠᠨ ᠢᠶᠠᠷ ᠢᠶᠠᠨ ᠦᠢᠯᠡᠰ ᠪᠤᠰᠬᠠᠬᠤ ᠬᠦᠷᠢᠶᠡᠯᠡᠩ ᠳᠤ ᠬᠦᠳᠡᠭᠡ ᠠᠵᠥ ᠠᠬᠤᠢ ᠶᠢᠨ ᠦᠢᠯᠡᠰ ᠪᠤᠰᠬᠠᠬᠤ ᠰᠢᠨ᠎ᠡ ᠶᠢ ᠡᠬᠦᠳᠬᠦ ᠠᠵᠥ ᠠᠬᠤᠢᠢᠯᠠᠯ ᠤᠳ ᠲᠦᠪᠯᠡᠷᠡᠵᠥ ᠪᠠᠶᠢᠳᠠᠭ᠃ ᠯᠢ ᠺᠧ ᠴᠢᠶᠠᠩ ᠲᠡᠳᠡᠨ ᠤ ᠡᠬᠦᠳᠦᠯᠳᠡ ᠶᠢᠨ ᠦᠷ᠎ᠡ ᠪᠦᠳᠦᠭᠡᠯ ᠢ ᠲᠤᠭᠤᠷᠢᠨ ᠦᠵᠡᠪᠡ᠃ ᠯᠢ ᠺᠧ ᠴᠢᠶᠠᠩ ᠲᠡᠳᠡᠨ ᠢ ᠡᠨᠡᠬᠦ ᠮᠡᠷᠭᠡᠵᠢᠯ ᠢᠶᠠᠨ ᠤᠯᠤᠰ ᠤᠨ ᠬᠡᠷᠡᠭᠵᠢᠬᠦᠯᠵᠥ ᠪᠠᠶᠢᠭ᠎ᠠ ᠬᠦᠷᠦᠰᠦ ᠶᠢ ᠰᠤᠯᠠᠷᠠᠭᠤᠯᠬᠤ ᠠᠷᠭ᠎ᠠ ᠬᠡᠮᠵᠢᠶ᠎ᠡ ᠲᠠᠢ ᠤᠶᠠᠯᠳᠤᠭᠤᠯᠵᠥ᠂ ᠨᠡᠩ ᠤᠯᠠᠨ ᠲᠤᠮᠳᠠ ᠲᠤᠤᠷ᠎ᠠ ᠤᠨᠠᠯᠳᠠ ᠲᠠᠢ ᠲᠠᠷᠢᠶᠠᠨ ᠭᠠᠵᠠᠷ ᠢ ᠰᠢᠯᠢᠳᠡᠭ ᠲᠠᠷᠢᠶᠠᠨ ᠭᠠᠵᠠᠷ ᠪᠤᠯᠭᠠᠨ ᠬᠤᠪᠢᠷᠠᠭᠤᠯᠬᠤ ᠶᠢ ᠬᠦᠰᠡᠪᠡ᠃

    ᠯᠢ ᠺᠧ ᠴᠢᠶᠠᠩ ᠶᠠᠩ ᠯᠢᠩ ᠤᠨ ᠲᠤᠬᠠᠢᠢᠯᠠᠭᠰᠠᠠ ᠠᠵᠢᠯ ᠤᠨ ᠲᠠᠷᠢᠶᠠᠴᠢᠳ ᠤᠨ ᠦᠢᠯᠡᠰ ᠪᠤᠰᠬᠠᠬᠤ ᠰᠢᠨ᠎ᠠ ᠶᠢ ᠡᠬᠦᠳᠬᠦ ᠬᠦᠷᠢᠶᠡᠯᠡᠩ ᠳᠤ ᠬᠦᠷᠴᠤ ᠦᠵᠡᠪᠡ᠃ ᠠᠳᠡᠬᠢ ᠨᠢ ᠰᠢᠨ᠎ᠡ ᠶᠢ ᠡᠬᠦᠳᠬᠦ ᠲᠤᠭᠳᠠᠴᠠ ᠪᠠᠷ ᠲᠠᠮᠵᠢᠨ᠂ ᠭᠠᠵᠠᠷ ᠰᠢᠷᠤᠢ ᠶᠢ ᠰᠢᠯᠵᠢᠬᠦᠯᠥᠨ ᠦᠭᠬᠦ ᠶᠢ ᠠᠬᠢᠭᠤᠯᠵᠥ᠂ ᠲᠤᠰᠬᠠᠢ ᠮᠡᠷᠬᠡᠵᠢᠯᠳᠡᠨ ᠤ ᠪᠦᠯᠬᠦᠮ ᠲᠠᠢ ᠠᠰᠢᠭ ᠲᠤᠰᠠ ᠶᠢᠨ ᠬᠠᠮᠳᠤ ᠶᠢᠨ ᠴᠤᠭᠴᠠ ᠪᠤᠯᠤᠨ ᠪᠦᠷᠢᠯᠳᠦᠵᠥ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠵᠠᠮ ᠢ ᠦᠷᠬᠡᠳᠭᠡᠭᠰᠡᠡ ᠢᠶᠠᠷ ᠪᠠᠷᠠᠬᠤ ᠦᠭᠡᠢ᠂ ᠲᠠᠷᠢᠶᠠᠯᠠᠩ ᠤᠨ ᠪᠦᠳᠦᠭᠡᠭᠳᠡᠬᠦᠨ ᠤ ᠮᠡᠷᠭᠡᠵᠢᠯ ᠤᠨ ᠲᠡᠭᠡᠭᠰᠢᠯᠡᠯᠳᠡ ᠶᠢ ᠪᠡᠶᠡᠯᠡᠬᠦᠯᠵᠥ᠂ ᠬᠦᠢᠯᠬᠡᠬᠡ ᠶᠢ ᠰᠢᠯᠤᠭᠤᠳᠬᠠᠭᠰᠠᠠ ᠪᠠᠶᠢᠨ᠎ᠠ᠃ ᠯᠢ ᠺᠧ ᠴᠢᠶᠠᠩ ᠵᠠᠯᠭᠠᠪᠡᠷ ᠬᠡᠳᠤᠨ ᠬᠦᠯᠡᠮᠵᠢ ᠳᠤ ᠤᠷᠤᠵᠥ᠂ ᠲᠠᠷᠢᠮᠠᠯ ᠤᠨ ᠤᠷᠭᠤᠴᠠ ᠶᠢᠨ ᠪᠠᠶᠢᠳᠠᠯ ᠪᠤᠯᠤᠨ ᠰᠢᠨ᠎ᠡ ᠮᠡᠷᠬᠡᠵᠢᠯ ᠤᠨ ᠬᠡᠷᠡᠭᠯᠡᠬᠡᠨ ᠤ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠤᠯᠠᠨ ᠢᠶᠠᠷ ᠢᠶᠠᠨ ᠦᠢᠯᠡᠰ ᠪᠤᠰᠬᠠᠵᠥ᠂ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠳᠤ ᠬᠦᠳᠡᠭᠡ ᠲᠤᠰᠬᠤᠨ ᠤ ᠤᠷᠤᠨ ᠵᠠᠢ ᠠᠭᠤᠳᠠᠮ ᠶᠤᠮ᠂ ᠵᠠᠰᠠᠭ ᠤᠨ ᠤᠷᠳᠤᠨ ᠤ ᠬᠢᠨ ᠰᠠᠶᠢᠨ ᠤᠷᠴᠢᠨ ᠲᠤᠭᠤᠷᠢᠨ ᠬᠠᠩᠭᠠᠵᠥ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠵᠥ ᠪᠠᠶᠠᠵᠢᠬᠤ ᠶᠢ ᠠᠬᠢᠭᠤᠯᠬᠤ ᠬᠡᠷᠡᠭᠳᠡᠢ ᠬᠡᠪᠡ᠃

    ᠯᠢ ᠺᠧ ᠴᠢᠶᠠᠩ ᠪᠤᠤᠵᠢ ᠶᠢᠨ ᠴᠢᠨ ᠯᠢᠩ ᠲᠠᠪᠠᠭ᠎ᠠ ᠶᠢᠨ ᠬᠦᠨ ᠳᠠᠬᠢ ᠳ᠋ᠠ ᠸᠠᠨ ᠲᠤᠰᠬᠤᠨ ᠳᠤ᠂ ᠡᠩᠬᠦᠯ ᠲᠤᠩᠬᠤᠯ ᠠᠭᠤᠯᠠᠨ ᠵᠠᠮ ᠢᠶᠠᠷ ᠵᠠᠯᠭᠠᠪᠠᠷ ᠬᠡᠳᠤᠨ ᠡᠷᠤᠬᠡ ᠳᠤ ᠤᠷᠤᠵᠤ᠂ ᠭᠡᠷ ᠤᠨ ᠠᠮᠤ ᠪᠤᠳᠠᠭ᠎ᠠ ᠶᠢ ᠦᠵᠡᠵᠤ᠂ ᠤᠷᠤᠯᠭ᠎ᠠ ᠶᠢᠨ ᠢᠷᠡᠯᠳᠠ᠂ ᠬᠡᠤᠬᠡᠳ ᠤᠨ ᠰᠤᠷᠭᠠᠭᠤᠯᠢ ᠳᠤ ᠰᠠᠭᠤᠬᠤ᠂ ᠡᠮ ᠡᠮᠨᠡᠯᠬᠡ ᠶᠢᠨ ᠲᠠᠭᠠᠳᠬᠠᠯ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠵᠡᠷᠬᠡ ᠪᠠᠶᠢᠳᠠᠯ ᠢ ᠯᠠᠪᠯᠠᠨ ᠠᠰᠠᠭᠤᠵᠤ᠂ ᠤᠯᠠᠨ ᠲᠦᠮᠡᠨ ᠲᠠᠢ ᠵᠤᠭᠤᠭᠳᠠᠪᠠ᠃ ᠨᠤᠳᠤᠬ ᠤᠨ ᠠᠬ᠎ᠠ ᠲᠡᠬᠦᠤ ᠨᠠᠷ ᠡᠷᠳᠡᠬᠡᠨ ᠠᠭᠤᠯᠠᠨ ᠵᠢᠯᠠᠭ᠎ᠠ ᠠᠴᠠ ᠨᠡᠬᠦᠨ ᠭᠠᠷᠬᠤ᠂ ᠠᠮᠢᠳᠤᠷᠠᠯ᠂ ᠬᠦᠯᠥᠰᠦᠨ ᠠᠵᠢᠯ ᠬᠢᠬᠦ᠂ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠬᠦᠯᠬᠦ ᠳᠤ ᠨᠡᠩ ᠲᠦᠬᠦᠮ ᠪᠤᠯᠬᠤ ᠬᠦᠰᠡᠯ ᠢᠶᠠᠨ ᠢᠯᠡᠳᠬᠡᠬᠦ ᠳᠤ ᠯᠢ ᠺᠧ ᠴᠢᠶᠠᠩ ᠲᠡᠳᠡᠨ ᠲᠠᠢ ᠨᠡᠬᠦᠬᠦ ᠲᠠᠩᠰᠠ ᠶᠢ ᠨᠠᠷᠢᠨ ᠪᠤᠳᠤᠵᠤ᠂ ᠨᠡᠬᠦᠬᠦ ᠳᠤ ᠪᠠᠰᠠ ᠶᠠᠮᠠᠷ ᠬᠦᠴᠢᠷᠳᠠᠯ ᠪᠠᠶᠢᠬᠤ ᠶᠢ ᠯᠠᠪᠯᠠᠨ ᠠᠰᠠᠭᠤᠪᠠ᠃

    ᠯᠢ ᠺᠧ ᠴᠢᠶᠠᠩ ᠲᠤᠬᠠᠢ ᠶᠢᠨ ᠭᠠᠵᠠᠷ ᠤᠨ ᠺᠠᠳ᠋ᠷ ᠲᠤ᠂ ᠶᠠᠷᠤᠩᠬᠡᠢ ᠱᠦᠵᠢ ᠰᠢ ᠶᠢᠨ ᠫᠢᠩ ᠤᠨ ᠤᠨᠴᠠ ᠶᠠᠳᠠᠭᠤ ᠬᠦᠴᠢᠷᠳᠠᠯᠳᠠᠢ ᠤᠷᠤᠨ ᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠠᠷᠢᠯᠴᠠᠬᠤ ᠬᠤᠷᠠᠯ ᠲᠡᠭᠡᠷᠡᠬᠢ ᠶᠠᠷᠢᠶᠠᠨ ᠤ ᠵᠤᠷᠢᠬ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠳᠠ ᠪᠠᠷ᠂ ᠨᠢᠬᠡᠳᠤᠯᠳᠠᠢ ᠲᠦᠯᠤᠪᠵᠢᠬᠦᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠨᠠᠷᠢᠨ ᠨᠢᠬᠳᠠ ᠪᠠᠶᠢᠷᠢᠯᠠᠭᠤᠯᠬᠤ ᠭᠡᠷᠡᠭᠳᠠᠢ ᠬᠡᠵᠤ ᠵᠠᠬᠢᠪᠠ᠃

    ᠯᠢ ᠺᠧ ᠴᠢᠶᠠᠩ ᠪᠠᠰᠠ ᠪᠤᠤᠵᠢ ᠶᠢᠨ ᠬᠤᠩ ᠸᠧᠨ ᠯᠦ ᠲᠦᠬᠦᠮ ᠪᠦᠳᠤᠴᠠᠳᠤ ᠤᠷᠤᠨ ᠰᠠᠭᠤᠴᠠ ᠶᠢᠨ ᠲᠤᠭᠤᠷᠢᠬ ᠲᠤ ᠢᠷᠡᠵᠤ᠂ ᠲᠦᠬᠦᠮ ᠪᠦᠳᠤᠴᠠᠳᠤ ᠤᠷᠤᠨ ᠰᠠᠭᠤᠴᠠ ᠶᠢ ᠰᠢᠨᠡᠳᠬᠡᠨ ᠵᠠᠰᠠᠬᠤ ᠠᠬᠢᠴᠠ ᠶᠢ ᠲᠦᠷᠬᠡᠳᠬᠡᠵᠤ᠂ ᠰᠠᠭᠤᠭᠠᠯᠢ ᠠᠷᠠᠳ ᠤᠨ ᠲᠦᠬᠦᠮ ᠪᠦᠳᠤᠴᠠᠳᠤ ᠤᠷᠤᠨ ᠰᠠᠭᠤᠴᠠ ᠠᠴᠠ ᠭᠠᠷᠴᠤ ᠠᠰᠠᠷ ᠲᠤ ᠤᠷᠤᠬᠤ ᠬᠦᠰᠡᠯ ᠡᠷᠡᠮᠡᠯᠵᠡᠯ ᠢ ᠲᠦᠷᠬᠡᠨ ᠪᠡᠶᠡᠯᠡᠬᠦᠯᠬᠦ ᠭᠡᠷᠡᠭᠳᠠᠢ ᠬᠡᠵᠤ ᠱᠠᠭᠠᠷᠳᠠᠪᠠ᠃

    ᠯᠢ ᠺᠧ ᠴᠢᠶᠠᠩ᠂ ᠦᠨᠳᠤᠰᠤᠨ ᠱᠠᠳᠤᠨ ᠤ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠰᠠᠶᠢᠳᠤᠷ ᠬᠢᠬᠦ ᠪᠤᠯ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠡᠬᠦᠷᠬᠡ ᠬᠠᠷᠢᠭᠤᠴᠠᠯᠭ᠎ᠠ ᠪᠤᠯᠤᠨ᠎ᠠ ᠬᠡᠪᠡ᠃

    ᠯᠢ ᠺᠧ ᠴᠢᠶᠠᠩ ᠱᠠᠨᠰᠢ ᠶᠢᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠠ ᠶᠢᠨ ᠤᠯᠤᠬᠰᠠᠨ ᠦᠷ᠎ᠠ ᠪᠦᠳᠤᠮᠵᠢ ᠶᠢ ᠬᠦᠢᠴᠡᠳ ᠨᠤᠳᠠᠯᠠᠵᠤ᠂ ᠱᠠᠨᠰᠢ ᠮᠤᠵᠢ ᠶᠢᠨ ᠬᠢᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠲᠤᠤᠷ᠎ᠠ᠂ ᠬᠦᠭᠵᠢᠯᠳᠠ ᠶᠢᠨ ᠠᠵᠠ ᠲᠤᠬᠢᠶᠠᠯ ᠢ ᠠᠮᠵᠢᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠪᠠᠷᠠᠭᠤᠨ ᠤᠷᠤᠨ ᠢ ᠨᠡᠬᠡᠬᠡᠨ ᠬᠦᠭᠵᠢᠬᠦᠯᠬᠦ ᠳᠤ ᠬᠦᠳᠤᠯᠤᠨ ᠵᠢᠯᠤᠭᠤᠳᠬᠤ ᠪᠠ ᠲᠤᠯᠭᠠᠭᠤᠷᠢᠯᠠᠬᠤ ᠤᠢᠢᠯᠡᠳᠤᠯ ᠦᠵᠡᠬᠦᠯᠬᠦ ᠶᠢ ᠬᠦᠰᠡᠪᠠ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121307856