ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ 2017-07-13 16:58

    ᠰᠢᠨᠬᠤᠧᠠ ᠬᠤᠷᠢᠶ᠎ᠠ   ᠪᠡᠭᠡᠵᠢᠩ ᠤᠨ 7 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ ᠴᠢᠶᠠᠩ 7 ᠰᠠᠷ᠎ᠠ ᠶᠢᠨ 12  ᠤᠨ ᠡᠳᠦᠷ ᠲᠦᠷᠦ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ 《ᠰᠢᠨ᠎ᠡ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠥ ᠤᠯᠠᠨ ᠢᠶᠠᠷ ᠢᠶᠠᠨ ᠦᠢᠯᠡᠰ ᠪᠤᠰᠬᠠᠵᠥ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠶᠢᠨ ᠬᠦᠨᠵᠡᠬᠡᠶᠢᠷᠡᠨ ᠬᠦᠭᠵᠢᠬᠦ ᠶᠢ ᠤᠯᠠᠮ ᠴᠢᠨᠠᠭᠰᠢᠳᠠ ᠠᠬᠢᠭᠤᠯᠬᠤ ᠲᠤᠬᠠᠢ ᠰᠠᠨᠠᠯ》 ᠢ ᠶᠠᠷᠢᠯᠴᠠᠨ ᠪᠠᠳᠤᠯᠠᠵᠥ᠂ 《ᠪᠤᠤᠬᠢᠶ᠎ᠠ ᠳᠠᠮᠵᠢᠭᠤᠯᠤᠯᠭ᠎ᠠ ᠶᠢᠨ ᠲᠦᠷᠢᠮ (ᠡᠬᠡ ᠨᠤᠤᠷᠠᠭ)》 ᠤᠨ ᠲᠤᠬᠠᠢ ᠨᠡᠶᠢᠬᠡᠮ ᠠᠴᠠ ᠢᠯᠡ ᠪᠠᠷ ᠰᠠᠨᠠᠯ ᠬᠤᠷᠢᠶᠠᠬᠤ ᠪᠠᠷ ᠲᠤᠭᠳᠠᠪᠠ᠃

    ᠠᠭᠤᠰᠤᠯᠴᠠᠭᠰᠠᠠ᠂ ᠬᠠᠮᠵᠢᠯᠴᠠᠭᠰᠠᠠ᠂ ᠬᠠᠮᠳᠤᠪᠡᠷ ᠬᠤᠪᠢᠶᠠᠯᠴᠠᠭᠰᠠᠨ《ᠦᠢᠯᠡᠰ ᠪᠤᠰᠬᠠᠬᠤ ᠰᠢᠨ᠎ᠡ ᠶᠢ ᠡᠬᠦᠳᠬᠦ》ᠠᠮᠢ ᠠᠬᠤᠢ ᠶᠢᠨ ᠤᠷᠴᠢᠨ ᠢ ᠪᠤᠢ ᠪᠤᠯᠭᠠᠵᠥ᠂ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠡᠶᠡᠯᠡᠬᠦᠯᠦᠨ᠂ ᠦᠢᠯᠡᠰ ᠪᠤᠰᠬᠠᠬᠤ ᠰᠢᠨ᠎ᠡ ᠶᠢ ᠡᠬᠦᠳᠬᠦ ᠶᠢᠨ ᠪᠤᠳᠠᠳᠠᠢ ᠦᠷ᠎ᠡ ᠪᠦᠳᠦᠮᠵᠢ ᠶᠢ ᠲᠡᠭᠡᠭᠰᠢᠯᠡᠬᠦᠯᠬᠦ ᠶᠢᠨ ᠲᠦᠯᠥᠬᠡ ᠬᠤᠷᠠᠯ ᠠᠴᠠ ᠳᠠᠷᠠᠭᠠᠬᠢ ᠵᠦᠢᠯ ᠤᠳ ᠢ ᠤᠨᠴᠠᠯᠠᠵᠠᠢ᠃

    ᠨᠢᠬᠡ ᠳᠤ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠰᠢᠨ᠎ᠡ ᠶᠢ ᠡᠬᠦᠳᠦᠨ᠎ᠡ᠃

    ᠬᠤᠶᠠᠷ ᠲᠤ᠂《ᠦᠢᠯᠡᠰ ᠪᠤᠰᠬᠠᠬᠤ ᠰᠢᠨ᠎ᠡ ᠶᠢ ᠡᠬᠦᠳᠬᠦ》ᠦᠢᠯᠡᠴᠢᠯᠡᠭᠡ ᠶᠢ ᠰᠢᠯᠢᠳᠡᠭᠵᠢᠬᠦᠯᠤᠨ᠎ᠠ᠃

    ᠭᠤᠷᠪᠠ ᠳᠤ᠂ ᠪᠡᠯᠡ ᠮᠦᠩᠬᠦ ᠬᠤᠷᠠᠮᠳᠤᠭᠤᠯᠬᠤ ᠠᠷᠭ᠎ᠠ ᠵᠠᠮ ᠢ ᠦᠷᠭᠡᠳᠬᠡᠨ᠎ᠡ᠃

    ᠲᠦᠷᠪᠡ ᠳᠤ᠂ ᠠᠵᠤ ᠤᠢᠢᠯᠡᠰ ᠤᠨ ᠵᠡᠷᠬᠡᠯᠡᠯ ᠲᠡᠪᠰᠢᠬᠦ ᠶᠢ ᠠᠬᠢᠭᠤᠯᠤᠨ᠎ᠠ᠃

    ᠬᠤᠷᠠᠯ ᠠᠴᠠ ᠬᠢᠨᠠᠨ ᠵᠦᠪᠯᠡᠭᠰᠡᠨ《ᠪᠤᠤᠬᠢᠶ᠎ᠠ ᠳᠠᠮᠵᠢᠭᠤᠯᠤᠯᠭ᠎ᠠ ᠶᠢᠨ ᠲᠦᠷᠢᠮ(ᠡᠬᠡ ᠨᠤᠤᠷᠠᠭ)》 ᠳ᠋ᠦ ᠨᠡᠶᠢᠬᠡᠮ ᠨᠡᠶᠢᠳᠠ ᠠᠴᠠ ᠰᠠᠨᠠᠯ ᠬᠤᠷᠢᠶᠠᠬᠤ ᠪᠠᠷ ᠲᠤᠭᠳᠠᠪᠠ᠃ ᠡᠬᠡ ᠨᠤᠤᠷᠠᠭ ᠲᠤ ᠵᠢᠷᠤᠮᠵᠢᠯ ᠢᠶᠠᠷ ᠠᠵᠢᠯ ᠲᠦᠷᠤᠯ ᠤᠨ ᠬᠦᠭᠵᠢᠯᠳᠠ ᠶᠢ ᠠᠬᠢᠭᠤᠯᠬᠤ ᠶᠢ ᠲᠤᠪᠤᠶᠢᠯᠠᠭᠠᠵᠤ᠂ ᠪᠤᠤᠬᠢᠶ᠎ᠠ ᠳᠠᠮᠵᠢᠭᠤᠯᠤᠯᠭ᠎ᠠ ᠶᠢᠨ ᠪᠠᠶᠢᠷᠢᠰᠢᠯ ᠤᠨ ᠴᠢᠬ ᠭᠠᠷᠭᠠᠬᠤ ᠬᠦᠢᠴᠡᠳᠬᠡᠯ ᠢ ᠲᠦᠬᠦᠮᠴᠢᠯᠠᠵᠤ᠂ ᠬᠦᠰᠬᠡ ᠲᠡᠷᠬᠡᠨ ᠤ ᠨᠡᠪᠳᠡᠷᠡᠬᠦ ᠵᠤᠬᠰᠤᠬᠤ ᠳᠤ ᠲᠦᠬᠦᠮ ᠪᠤᠯᠭᠠᠬᠤ ᠪᠠᠷ ᠪᠠᠷᠠᠭᠠᠨ ᠤ ᠬᠦᠢᠯᠬᠡᠬᠡᠨ ᠤ ᠦᠪᠡᠷ ᠤᠨ ᠦᠷᠳᠡᠭ ᠢ ᠪᠠᠭᠤᠷᠠᠭᠤᠯᠬᠤ ᠵᠡᠷᠬᠡ ᠠᠷᠭ᠎ᠠ ᠬᠡᠮᠵᠢᠶ᠎ᠠ ᠶᠢ ᠲᠤᠭᠳᠠᠭᠠᠵᠤ᠂ ᠪᠤᠤᠬᠢᠶ᠎ᠠ ᠳᠠᠮᠵᠢᠭᠤᠯᠤᠯᠭ᠎ᠠ ᠶᠢᠨ ᠤᠢᠢᠯᠡᠴᠢᠯᠡᠬᠡᠨ ᠤ ᠶᠤᠰᠤ ᠵᠢᠷᠤᠮ ᠪᠤᠯᠤᠨ ᠭᠤᠪᠢᠭᠤᠯᠤᠨ ᠬᠦᠷᠬᠡᠬᠦ ᠠᠶᠤᠯᠬᠦᠢ ᠶᠢᠨ ᠬᠠᠷᠢᠭᠤᠴᠠᠯᠭ᠎ᠠ ᠶᠢ ᠳᠤᠳᠤᠷᠬᠠᠢᠢᠯᠠᠵᠤ᠂ ᠭᠡᠷᠡᠭᠯᠡᠭᠴᠢᠳ ᠪᠤᠯᠤᠨ ᠪᠤᠤᠬᠢᠶ᠎ᠠ ᠳᠠᠮᠵᠢᠭᠤᠯᠤᠯᠭ᠎ᠠ ᠶᠢᠨ ᠠᠵᠢᠯᠳᠠᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠶᠢ ᠴᠢᠬᠤᠯᠠᠴᠢᠯᠠᠵᠤ᠂ ᠬᠤᠯᠪᠤᠭᠠᠯᠠᠨ ᠡᠵᠡᠩᠨᠡᠬᠦ᠂ ᠬᠤᠬᠢᠷᠠᠯ ᠢ ᠨᠦᠬᠦᠪᠤᠷᠢᠯᠡᠬᠦ᠂ ᠭᠡᠷᠡᠭᠯᠡᠭᠴᠢ ᠶᠢᠨ ᠮᠡᠳᠡᠭᠡ ᠵᠠᠩᠬᠢ ᠶᠢᠨ ᠠᠶᠤᠯᠬᠦᠢ ᠶᠢ ᠪᠠᠳᠤᠯᠠᠬᠤ ᠵᠡᠷᠬᠡ ᠳᠠᠯ᠎ᠠ ᠪᠡᠷ ᠲᠦᠷᠢᠮ ᠲᠤᠭᠳᠠᠭᠠᠬᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120701121315080