蒙古文网站Logo
ᠰᠢᠨᠬᠤᠸᠠ ᠮᠤᠩᠭ᠋ᠤᠯ ᠨᠧᠲ

ᠯᠢ ᠺᠧ ᠴᠢᠶᠠᠩ ᠺᠠᠨᠠᠳᠠ ᠶᠢᠨ ᠶᠡᠷᠦᠩᠬᠡᠢ ᠵᠠᠬᠢᠷᠤᠭᠴᠢ ᠵᠤᠨᠰᠲ᠋ᠤᠨ ᠲᠠᠢ ᠠᠭᠤᠯᠵᠠᠪᠠ

2017-07-14 17:31

    ᠰᠢᠨᠬᠤᠧᠠ ᠬᠤᠷᠢᠶ᠎ᠠ   ᠪᠡᠭᠡᠵᠢᠩ ᠤᠨ 7 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠡᠾᠦ᠋ᠢ ᠡᠾᠦ᠋ᠢ) ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 13 ᠤ ᠦᠳᠡ ᠶᠢᠨ ᠬᠤᠶᠢᠨ᠎ᠠ ᠵᠦᠩ ᠨᠠᠨ ᠬᠠᠢ ᠶᠢᠨ ᠽᠢ ᠭᠤᠸᠠᠩ ᠭᠧ ᠳᠤ ᠺᠠᠨᠠᠳᠠ ᠶᠢᠨ ᠶᠡᠷᠦᠡᠭᠬᠡᠢ ᠵᠠᠬᠢᠷᠤᠭᠴᠢ ᠵᠤᠨᠰᠲ᠋ᠤᠨ ᠲᠠᠢ ᠠᠭᠤᠯᠵᠠᠪᠠ᠃

    ᠯᠢ ᠺᠧ ᠴᠢᠶᠠᠩ᠂ ᠤᠳᠤᠬᠠᠨ ᠳᠤ ᠳᠤᠮᠳᠠᠳᠤ ᠺᠠᠨᠠᠳᠠ ᠶᠢᠨ ᠬᠠᠷᠢᠯᠴᠠᠭ᠎ᠠ ᠳᠤᠬᠲᠠᠭᠤᠨ ᠡᠷᠡᠭᠦᠯ ᠢᠶᠠᠷ ᠬᠦᠭᠵᠢᠬᠦ ᠰᠢᠨ᠎ᠡ ᠱᠠᠲᠤᠨ ᠳᠤ ᠤᠷᠤᠵᠠᠢ᠃ ᠲᠡᠷᠢᠭᠦᠯᠡᠭᠴᠢ ᠰᠢ ᠶᠢᠨ ᠫᠢᠩ ᠲᠠᠨ ᠲᠠᠢ ᠪᠠᠶᠠᠯᠢᠭ ᠦᠷ᠎ᠡ ᠪᠦᠲᠦᠭᠡᠯ ᠪᠦᠬᠦᠢ ᠠᠭᠤᠯᠵᠠᠯᠲᠠ ᠬᠢᠭᠰᠡᠨ᠃ ᠳᠤᠮᠳᠠᠳᠤ ᠤᠯᠤᠰ ᠲᠤᠷᠠᠲᠠᠶ᠎ᠠ ᠺᠠᠨᠠᠳᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠨᠢᠬᠲᠠᠷᠠᠭᠤᠯᠵᠤ᠂ ᠤᠯᠤᠰ ᠲᠦᠷᠦ ᠶᠢᠨ ᠢᠲᠡᠭᠡᠯᠴᠡᠯ ᠢᠶᠡᠨ ᠨᠡᠮᠡᠭᠳᠡᠭᠦᠯᠵᠦ᠂ ᠡᠷᠴᠢᠮ ᠬᠦᠴᠦ ᠠᠭᠤᠯᠠ ᠠᠭᠤᠷᠬᠠᠢ᠂ ᠳᠡᠳ᠋ ᠪᠦᠳᠦᠴᠡ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠡᠬᠦᠳᠦᠯᠳᠡ᠂ ᠳᠤᠮᠳᠠ ᠵᠢᠵᠢᠭ᠌ ᠠᠵᠤ ᠠᠬᠤᠢᠢᠯᠠᠯ ᠵᠡᠷᠭᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠪᠡᠨ ᠬᠠᠷᠢᠯᠴᠠᠨ ᠨᠦᠬᠦᠪᠦᠷᠢᠯᠡᠬᠦ ᠳᠠᠯᠲᠠ ᠬᠦᠴᠦᠨ ᠢ ᠠᠭᠤᠳᠠᠯᠯᠠᠵᠤ᠂ ᠴᠢᠯᠦᠭᠡᠲᠦ ᠬᠤᠳᠠᠯᠳᠤᠭᠠᠨ ᠤ ᠵᠦᠪᠳᠡᠯᠴᠡᠨ ᠶᠠᠷᠢᠯᠴᠠᠬᠤ ᠶᠢ ᠢᠳᠡᠪᠬᠢᠲᠡᠢ ᠠᠬᠢᠭᠤᠯᠵᠤ᠂ ᠴᠢᠯᠦᠭᠡᠲᠤ ᠬᠤᠳᠠᠯᠳᠤᠭ᠎ᠠ ᠶᠢ ᠳᠡᠮᠵᠢᠬᠦ ᠪᠤᠯᠤᠨ ᠳᠡᠯᠡᠬᠡᠢ ᠶᠢᠨ ᠡᠳ᠋ ᠤᠨ ᠵᠠᠰᠠᠭ ᠤᠨ ᠰᠡᠷᠭᠦᠯᠲᠡ ᠶᠢ ᠠᠬᠢᠭᠤᠯᠬᠤ ᠢᠳᠡᠪᠬᠢ ᠳᠤᠬᠢᠶ᠎ᠠ ᠶᠢ ᠬᠠᠮᠲᠤᠪᠡᠷ ᠳᠠᠮᠵᠢᠭᠤᠯᠤᠨ᠎ᠠ᠃ ᠰᠤᠷᠭᠠᠨ ᠬᠦᠮᠦᠵᠢᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨᠴᠠᠭᠠᠢᠢᠯᠠᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠠᠯ᠎ᠠ ᠪᠠᠷ ᠬᠢ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠪᠡᠨ ᠳᠡᠯᠡᠵᠤ᠂ ᠳᠤᠮᠳᠠᠳᠤ ᠺᠠᠨᠠᠳᠠ ᠶᠢᠨ ᠬᠠᠷᠢᠯᠴᠠᠭᠠᠨ ᠤ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠤ᠂ ᠬᠠᠷᠢᠯᠴᠠᠨ ᠠᠰᠢᠬᠲᠠᠢ ᠬᠠᠮᠲᠤ ᠪᠠᠷ ᠠᠰᠢᠬ ᠬᠦᠷᠲᠡᠬᠦ ᠶᠢ ᠨᠡᠩ ᠰᠠᠶᠢᠳᠤᠷ ᠪᠡᠶᠡᠯᠡᠭᠦᠯᠦᠨ᠎ᠡ ᠭᠡᠵᠦ ᠢᠯᠡᠳᠬᠡᠪᠡ᠃

    ᠴᠠᠭ ᠠᠭᠠᠷ ᠤᠨ ᠬᠤᠪᠢᠷᠠᠯᠲᠠ ᠶᠢ ᠠᠷᠭᠠᠴᠠᠬᠤ ᠠᠰᠠᠭᠤᠳᠠᠯ ᠤᠨ ᠲᠤᠬᠠᠢ ᠯᠢ ᠺᠧ ᠴᠢᠶᠠᠩ᠂ ᠴᠠᠭ ᠠᠭᠠᠷ ᠤᠨ ᠬᠤᠪᠢᠷᠠᠯᠲᠠ ᠶᠢ ᠠᠷᠭᠠᠴᠠᠬᠤ ᠪᠤᠯ ᠲᠡᠯᠡᠬᠡᠢ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠤᠯᠤᠨ᠎ᠠ᠃ ᠳᠤᠮᠳᠠᠳᠤ ᠤᠯᠤᠰ《ᠫᠠᠷᠢᠰ ᠤᠨ ᠬᠡᠯᠡᠯᠴᠡᠭᠡᠷ》 ᠤᠨ ᠠᠮᠠᠯᠠᠯᠲᠠ ᠪᠠᠨ ᠡᠷᠡᠰ ᠭᠦᠢᠴᠡᠳᠬᠡᠵᠦ᠂ ᠬᠠᠮᠲᠤ ᠶᠢᠨ ᠪᠤᠯᠪᠠᠴᠤ ᠵᠦᠷᠢᠶ᠎ᠡ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠴᠠᠭ ᠠᠭᠠᠷ ᠤᠨ ᠬᠤᠪᠢᠷᠠᠯᠲᠠ ᠶᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠨ᠎ᠠ᠂ ᠡᠨᠡ ᠪᠤᠯ ᠬᠠᠷᠢᠭᠤᠴᠠᠯᠭ᠎ᠠ ᠲᠠᠢ ᠬᠦᠭᠵᠢᠵᠦ ᠪᠠᠶᠢᠭ᠎ᠠ ᠲᠤᠮᠤ ᠤᠯᠤᠰ ᠪᠤᠯᠤᠬᠰᠠᠨ ᠤ ᠬᠤᠪᠢ ᠳᠠᠬᠢ ᠪᠢᠳᠡᠠ ᠤ ᠬᠠᠷᠢᠭᠤᠴᠠᠯᠭ᠎ᠠ ᠡᠭᠦᠷᠭᠡᠯᠡᠯ ᠮᠦᠷᠲᠡᠭᠡᠨ ᠪᠠᠰᠠ ᠳᠤᠮᠳᠠᠳᠤ ᠤᠯᠤᠰ ᠡᠳ᠋ ᠤᠨ ᠵᠠᠰᠠᠭ ᠤᠨ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢᠨ ᠲᠤᠳᠤᠭᠠᠳᠤ ᠭᠡᠷᠡᠭᠴᠡᠭᠡ ᠪᠤᠯᠤᠨ᠎ᠠ᠃ ᠪᠢᠳᠠ ᠳᠤᠷᠠᠲᠠᠶ᠎ᠠ ᠺᠠᠨᠠᠳᠠ ᠶᠢᠨ ᠬᠢᠨ ᠲᠠᠢ ᠴᠡᠪᠡᠷ ᠡᠷᠴᠢᠮ ᠬᠦᠴᠦ ᠵᠡᠷᠭᠡ ᠰᠠᠯᠪᠤᠷᠢ ᠳ᠋ᠡᠬᠢ ᠬᠠᠮᠳᠤ ᠶᠢᠨ ᠠᠵᠢᠯᠯᠠᠭ᠎ᠠ ᠪᠡᠨ ᠡᠷᠴᠢᠮᠵᠢᠬᠦᠯᠦᠨ᠎ᠡ ᠭᠡᠵᠠᠢ᠃

    ᠵᠤᠨᠰᠲ᠋ᠤᠨ᠂ ᠳᠤᠮᠳᠠᠳᠤ ᠤᠯᠤᠰ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ ᠳᠤᠮᠳᠠᠳᠤ ᠤᠯᠤᠰ ᠲᠤ ᠤᠯᠠᠨ ᠤᠳᠠᠭ᠎ᠠ ᠠᠶᠢᠯᠴᠢᠯᠠᠯ ᠬᠢᠭᠰᠡᠨ ᠦᠩᠭᠡᠷᠡᠯᠲᠡ ᠪᠠᠨ ᠪᠠᠶᠠᠷ ᠲᠠᠢ ᠡᠷᠭᠢᠴᠡᠭᠦᠯᠵᠥ᠂ ᠳᠤᠮᠳᠠᠳᠤ ᠤᠯᠤᠰ ᠤᠨ ᠤᠯᠤᠬᠰᠠᠨ ᠬᠦᠭᠵᠢᠯᠲᠡ ᠶᠢᠨ ᠦᠷ᠎ᠡ ᠪᠦᠲᠦᠮᠵᠢ ᠶᠢ ᠮᠠᠬᠲᠠᠨ ᠰᠠᠶᠢᠰᠢᠶᠠᠪᠠ᠃ ᠲᠡᠷᠡ᠂ ᠤᠳᠤ ᠶᠢᠨ ᠺᠠᠨᠠᠳᠠ ᠳᠤᠮᠳᠠᠳᠤ ᠶᠢᠨ ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠨᠢᠬᠲᠠ ᠪᠠᠶᠢᠵᠤ᠂ ᠲᠠᠰᠤᠷᠠᠯᠲᠡ ᠦᠭᠡᠢ ᠢᠳᠡᠪᠬᠢ ᠦᠷ᠎ᠡ ᠪᠦᠲᠦᠭᠡᠯ ᠤᠯᠵᠤ ᠬᠤᠶᠢᠰᠢᠳᠠ ᠶᠢᠨ ᠬᠦᠭᠵᠢᠯᠲᠡ ᠶᠢᠨ ᠤᠷᠤᠨ ᠵᠠᠢ ᠨᠡᠩ ᠦᠷᠭᠡᠨ ᠠᠭᠤᠳᠠᠮ ᠪᠤᠯᠵᠤ ᠪᠠᠶᠢᠨ᠎ᠠ᠃ ᠺᠠᠨᠠᠳᠠ ᠶᠢᠨ ᠬᠢᠨ ᠲᠤᠷᠠᠲᠠᠶ᠎ᠠ ᠳᠤᠮᠳᠠᠳᠤ ᠤᠯᠤᠰ ᠲᠠᠢ ᠬᠠᠮᠲᠤᠪᠠᠷ ᠴᠢᠷᠮᠠᠶᠢᠵᠤ᠂ ᠺᠠᠨᠠᠳᠠ ᠳᠤᠮᠳᠠᠳᠤ ᠶᠢᠨ ᠨᠦᠬᠦᠷᠯᠡᠯ ᠢ ᠰᠠᠶᠢᠳᠤᠷ ᠤᠯᠠᠮᠵᠢᠯᠠᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠢᠨ᠎ᠡ ᠡᠬᠦᠳᠦᠯᠳᠡ᠂ ᠰᠤᠷᠭᠠᠨ ᠬᠦᠮᠦᠵᠢᠯ᠂ ᠴᠠᠭ ᠠᠭᠠᠷ ᠤᠨ ᠬᠤᠪᠢᠷᠠᠯᠲᠡ ᠶᠢ ᠠᠷᠭᠠᠴᠠᠬᠤ ᠵᠡᠷᠭᠡ ᠰᠠᠯᠪᠤᠷᠢ ᠶᠢᠨ ᠬᠠᠷᠢᠯᠴᠠᠭ᠎ᠠ ᠪᠡᠨ ᠴᠢᠩᠭᠠᠳᠬᠠᠵᠤ᠂ 2018 ᠤᠨ ᠤ ᠺᠠᠨᠠᠳᠠ ᠳᠤᠮᠳᠠᠳᠤ ᠶᠢᠨ ᠵᠢᠭᠤᠯᠴᠢᠯᠠᠯ ᠤᠨ ᠤᠨ ᠢ ᠬᠠᠮᠲᠤᠪᠠᠷ ᠰᠠᠶᠢᠳᠤᠷ ᠡᠷᠭᠢᠯᠡᠨ᠎ᠡ᠃ ᠺᠠᠨᠠᠳᠠ ᠶᠢᠨ ᠬᠢᠨ ᠳᠤᠮᠳᠠᠳᠤ ᠤᠯᠤᠰ 2022 ᠤᠨ ᠤ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠢᠭᠤᠯᠠᠭᠨ ᠢ ᠠᠮᠵᠢᠯᠲᠠ ᠲᠠᠢ ᠪᠠᠷ ᠡᠷᠬᠢᠯᠡᠬᠦ ᠳᠤ ᠳᠡᠮᠵᠢᠯᠭᠡ ᠦᠵᠡᠬᠦᠯᠦᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121321476