ᠦᠪᠦᠷ ᠮᠤᠩᠭᠤᠯ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠢᠨ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠪᠠᠨ ᠦᠪᠡᠳᠡᠭᠰᠢ ᠶᠡᠭᠡᠪᠡᠷ ᠲᠤᠷᠠᠰᠬᠠᠨ ᠲᠡᠮᠳᠡᠭᠯᠡᠪᠡ 2017-08-09 17:21

     ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ᠂ ᠲᠦᠷᠦ ᠵᠢᠨ ᠶᠠᠪᠣᠳᠠᠯ ᠤᠨ ᠬᠣᠷᠢᠶ᠎ᠠ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠶᠠᠷ ᠤᠨ ᠵᠠᠬᠢᠶ᠎ᠠ ᠢᠷᠡᠭᠦᠯᠵᠠᠢ᠃

    ᠢᠤᠢ ᠵᠧᠩ ᠱᠧᠩ ᠶᠡᠭᠡ ᠬᠤᠷᠠᠯ ᠳ᠋ᠤ ᠤᠷᠤᠯᠴᠠᠬᠣ ᠵᠢᠨ ᠬᠠᠮᠳᠣ ᠶᠠᠷᠢᠶ᠎ᠠ ᠲᠠᠯᠪᠢᠪᠠ᠃

    ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠯᠢᠦ ᠶᠠᠨ ᠳ᠋ᠦᠩ ᠪᠠᠶᠠᠷ ᠤᠨ ᠵᠠᠬᠢᠶ᠎ᠠ ᠵᠢ ᠤᠩᠰᠢᠨ ᠲᠤᠭᠤᠯᠭᠠᠵᠤ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠰᠦᠨ ᠴᠦᠨ ᠯᠠᠨ᠂ ᠵᠠᠩ ᠫᠢᠩ᠂ ᠸᠠᠩ ᠵᠧᠩ ᠸᠧᠢ᠂ ᠵᠠᠩ ᠶᠠᠩ ᠪᠣᠯᠣᠨ ᠲᠦᠯᠦᠭᠡᠯᠡᠬᠦ ᠪᠠᠭ ᠤᠨ ᠪᠦᠬᠦ ᠬᠡᠰᠢᠬᠦᠳ ᠬᠤᠷᠠᠯ ᠳ᠋ᠤ ᠤᠷᠤᠯᠴᠠᠵᠠᠢ᠃

    ᠯᠢ ᠵᠢᠢ ᠾᠧᠩ ᠪᠣᠯᠣᠨ ᠢᠷᠭᠡᠳ ᠤᠨ ᠲᠦᠯᠦᠭᠡᠯᠡᠭᠴᠢ ᠦᠭᠡ ᠶᠠᠷᠢᠵᠤ᠂ ᠪᠦ᠋ ᠰᠢᠶᠤᠤ ᠯᠢᠨ ᠶᠡᠬᠡ ᠬᠤᠷᠠᠯ ᠢ ᠡᠷᠬᠢᠯᠡᠪᠡ᠃

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 8 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠶᠠᠩ ᠸᠧᠢ ᠬᠠᠨ᠂ ᠿᠦᠩ ᠴᠢ ᠬᠠᠨ᠂ ᠯᠢᠦ ᠢ ᠳ᠋ᠧ) ᠠᠮᠵᠢᠯᠲᠠ ᠪᠦᠲᠦᠮᠵᠢ ᠲᠠᠢ 70 ᠵᠢᠯ ᠢ ᠲᠤᠭᠤᠯᠵᠦ ᠰᠠᠬᠢᠨ ᠲᠡᠮᠨᠡᠯᠴᠠᠵᠤ ᠰᠢᠨ᠎ᠠ ᠬᠠᠭᠤᠳᠠᠰᠦ ᠵᠢ ᠪᠢᠴᠢᠭᠯᠡᠨ᠎ᠡ᠃ 8 ᠰᠠᠷ᠎ᠠ ᠵᠢᠨ 8 ᠤ ᠦᠳᠡ ᠡᠴᠡ ᠬᠤᠶᠢᠰᠢ᠂ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠵᠢ ᠪᠡᠯᠭᠡᠯᠡᠭᠦ ᠶᠡᠭᠡ ᠬᠤᠷᠠᠯ ᠦᠪᠦᠷ ᠮᠤᠩᠭᠤᠯ ᠤᠨ ᠴᠦᠭᠡᠨ ᠲᠤᠭᠠᠳᠦ ᠦᠨᠳᠦᠰᠦᠳᠡᠨ ᠤ ᠢᠷᠭᠡᠳ ᠤᠨ ᠰᠤᠶᠤᠯ ᠰᠫᠤᠷᠲ ᠤᠨ ᠲᠦᠪ ᠲᠤ ᠦᠪᠡᠳᠡᠭᠰᠢ ᠶᠡᠬᠡᠪᠡᠷ ᠶᠠᠪᠤᠬᠳᠠᠪᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ᠂ ᠲᠦᠷᠦ ᠵᠢᠨ ᠶᠠᠪᠣᠳᠠᠯ ᠤᠨ ᠬᠣᠷᠢᠶ᠎ᠠ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠠᠶᠠᠷ ᠤᠨ ᠴᠠᠬᠢᠯᠭᠠᠨ ᠴᠢᠮᠡᠬᠡ ᠢᠷᠡᠭᠦᠯᠪᠡ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠶᠢᠩᠭᠤ ᠵᠢᠨ ᠬᠡᠰᠢᠭᠦᠨ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ ᠤ ᠲᠡᠷᠢᠭᠦᠯᠡᠭᠴᠢ᠂ ᠲᠦᠪ ᠤᠨ ᠲᠦᠯᠦᠭᠡᠯᠡᠬᠦ ᠪᠠᠭ ᠤᠨ ᠲᠠᠷᠤᠭ᠎ᠠ ᠢᠤᠢ ᠵᠧᠩ ᠱᠧᠩ ᠪᠡᠯᠭᠡᠯᠡᠭᠦ ᠶᠡᠭᠡ ᠬᠤᠷᠠᠯ ᠳ᠋ᠤ ᠤᠷᠤᠯᠴᠠᠬᠣ ᠵᠢᠨ ᠬᠠᠮᠳᠣ ᠶᠠᠷᠢᠶ᠎ᠠ ᠲᠠᠯᠪᠢᠪᠠ᠃

    ᠡᠨᠡ ᠡᠳᠦᠷ ᠪᠤᠭᠤᠮᠳᠠ ᠵᠢᠨ ᠭᠠᠳᠠᠨᠠᠬᠢ ᠬᠦᠭᠡᠬᠤᠳᠠ ᠳ᠋ᠤ ᠬᠤᠧᠠᠷ ᠴᠡᠴᠡᠭ ᠰᠤᠯᠤᠩᠭᠠᠷᠠᠨ ᠳᠡᠯᠭᠡᠷᠡᠵᠦ᠂ ᠲᠤᠭ ᠲᠠᠯᠪᠠᠭ᠎ᠠ ᠰᠠᠯᠬᠢᠨ ᠤ ᠠᠶ᠎ᠠ ᠪᠡᠷ ᠨᠠᠮᠢᠷᠠᠨ ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠨ᠎ᠠ᠃ ᠦᠪᠡᠷᠮᠢᠴᠠ ᠬᠣᠪᠴᠠᠰᠣ ᠵᠠᠰᠠᠯ ᠵᠢᠡᠷ ᠵᠢᠡᠨ ᠭᠣᠶᠣᠯᠠᠭᠰᠠᠨ ᠡᠯ᠎ᠠ ᠦᠨᠳᠦᠰᠦᠳᠡᠨ ᠡᠯ᠎ᠠ ᠡᠳᠡᠭᠡᠳ ᠤᠨ 1.2 ᠲᠦᠮᠡᠨ ᠺᠠᠳ᠋ᠷ ᠤᠯᠠᠨ ᠲᠦᠮᠡᠨ ᠲᠦᠷᠪᠡᠨ ᠵᠦᠭ ᠨᠠᠶ᠋ᠮᠠᠨ ᠵᠤᠪᠬᠢᠰ ᠡᠴᠡ ᠰᠤᠶᠤᠯ ᠰᠫᠤᠷᠲ ᠤᠨ ᠲᠦᠪ ᠲᠤ ᠴᠤᠬᠯᠠᠷᠠᠵᠤ᠂ ᠪᠠᠶᠠᠷ ᠤᠨ ᠡᠳᠦᠷ ᠵᠢᠡᠨ ᠬᠠᠮᠳᠤᠪᠡᠷ ᠲᠡᠮᠳᠡᠭᠯᠡᠪᠡ᠃ ᠰᠠᠷᠠᠭᠤᠯ ᠠᠭᠤᠵᠢᠮ ᠬᠤᠷᠠᠯ ᠤᠨ ᠲᠠᠯᠠᠪᠠᠢ ᠳ᠋ᠤ ᠡᠯᠭᠦᠭᠳᠡᠭᠰᠡᠨ《ᠦᠵᠡᠰᠭᠦᠯᠡᠩᠳᠦ ᠰᠠᠶᠢᠬᠠᠨ ᠦᠪᠦᠷ ᠮᠤᠩᠭᠤᠯ ᠵᠢᠡᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠵᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠦᠶ᠎ᠠ》ᠭᠡᠰᠡᠨ ᠭᠤᠤᠯ ᠰᠡᠳᠦᠪᠳᠤ ᠯᠣᠽᠦ᠋ᠩ ᠲᠤᠳᠤᠷᠠᠨ ᠬᠠᠷᠠᠬᠳᠠᠵᠤ᠂ ᠮᠤᠩᠭᠤᠯ ᠬᠢᠳᠡᠳ ᠵᠢᠡᠷ ᠪᠢᠴᠢᠭᠰᠡᠨ《ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠭᠤᠷᠢᠨ ᠳ᠋ᠤ ᠨᠢᠬᠳᠠᠷᠠᠨ ᠪᠦᠯᠬᠦᠮᠳᠡᠵᠤ ᠰᠢᠯᠢᠳᠡᠭ ᠠᠮᠵᠢᠯᠳᠡ ᠪᠡᠷ ᠵᠢᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠵᠢ ᠤᠬᠳᠤᠶ᠎ᠠ》ᠭᠡᠰᠡᠨ ᠬᠦᠨᠳᠡᠯᠡᠨ ᠪᠢᠴᠢᠭᠡᠰᠦ ᠦᠨᠳᠦᠷ ᠲᠤ ᠡᠯᠭᠦᠭᠳᠡᠨ᠂ ᠬᠤᠷᠠᠯ ᠤᠨ ᠲᠠᠯᠠᠪᠠᠢ ᠦᠵᠡᠭᠴᠢᠳ ᠢᠶᠡᠷ ᠲᠦᠭᠦᠷᠦᠯ᠎ᠡ ᠃

    ᠦᠳᠡ ᠡᠴᠡ ᠬᠤᠢᠢᠰᠢ 4 ᠴᠠᠭ ᠤᠨ ᠦᠶ᠎ᠠ ᠪᠡᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠡᠬᠢᠯᠡᠭᠰᠡᠨ ᠢ ᠵᠠᠷᠯᠠᠪᠠ᠃ ᠰᠦᠷ ᠵᠢᠪᠬᠤᠯᠠᠩᠳᠣ ᠤᠯᠤᠰ ᠤᠨ ᠰᠦᠯᠳᠡ ᠲᠠᠭᠤᠤ ᠵᠢᠨ ᠠᠶᠠᠰ ᠲᠤᠮᠳᠠ ᠲᠠᠪᠤᠨ ᠤᠳᠤᠳᠤ ᠤᠯᠠᠭᠠᠨ ᠲᠤᠭ ᠠᠯᠭᠤᠷ ᠵᠢᠡᠷ ᠮᠠᠨᠳᠤᠯ᠎ᠠ᠃

    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠬᠡᠰᠢᠭᠦᠨ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠲᠡᠳ᠋ ᠶᠡᠷᠦᠩᠬᠡᠢ ᠰᠠᠶᠢᠳ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠮᠦᠷᠳᠡᠭᠡᠨ ᠨᠠᠷᠢᠨ ᠪᠢᠴᠢᠭ᠌᠌ ᠤᠨ ᠲᠠᠷᠤᠭ᠎ᠠ ᠯᠢᠦ ᠶᠠᠨ ᠳ᠋ᠦᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ  ᠳᠤ ᠢᠯᠡᠭᠡᠭᠰᠡᠨ ᠪᠠᠶᠠᠷ ᠤᠨ ᠵᠠᠬᠢᠶ᠎ᠠ ᠶᠢ ᠤᠩᠰᠢᠨ ᠲᠤᠭᠤᠯᠭᠠᠪᠠ᠃

    ᠬᠠᠯᠠᠭᠤᠨ ᠠᠯᠠᠭ᠎ᠠ ᠲᠠᠰᠢᠯᠳᠠ ᠵᠢᠨ ᠲᠤᠮᠳᠠ᠂ ᠢᠤᠢ ᠵᠧᠩ ᠱᠧᠩ ᠰᠡᠳᠭᠢᠯ ᠳᠤᠬᠳᠤᠯᠤᠮ᠎ᠠ ᠶᠠᠷᠢᠶ᠎ᠠ ᠲᠠᠯᠪᠢᠪᠠ᠃ ᠲᠡᠷᠡ᠂ ᠮᠠᠨ ᠤ ᠲᠦᠪ ᠤᠨ ᠲᠦᠯᠦᠭᠡᠯᠡᠬᠦ ᠪᠠᠭ ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠤᠯᠤᠨ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠰᠠᠶᠢᠨ ᠰᠠᠶᠢᠬᠠᠨ ᠢᠷᠦᠭᠡᠯ ᠵᠦᠩᠨᠡᠯ ᠢ ᠠᠪᠴᠤ᠂ ᠦᠪᠦᠷ ᠮᠤᠩᠭᠤᠯ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠲᠠᠢ ᠬᠠᠮᠳᠤᠪᠡᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠦᠪᠡᠳᠡᠭᠰᠢ ᠶᠡᠬᠡᠪᠡᠷ ᠪᠡᠯᠭᠡᠯᠡᠵᠤ ᠪᠠᠢᠢᠨ᠎ᠠ᠃ ᠶᠠᠭᠤᠨ ᠤ ᠡᠮᠦᠨ᠎ᠠ᠂ ᠪᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠵᠢᠨ ᠵᠦᠪᠯᠡᠯᠭᠡᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢ ᠲᠦᠯᠦᠭᠡᠯᠡᠨ ᠦᠪᠦᠷ ᠮᠤᠩᠭᠤᠯ ᠤᠨ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠪᠠ ᠡᠯ᠎ᠠ ᠡᠳᠡᠭᠡᠳ ᠤᠨ ᠬᠦᠮᠦᠰ᠂ ᠠᠷᠠᠳ ᠤᠨ ᠴᠢᠯᠦᠭᠡᠯᠡᠭᠦ ᠴᠡᠷᠢᠭ ᠤᠨ ᠦᠪᠦᠷ ᠮᠤᠩᠭᠤᠯ ᠳ᠋ᠤ ᠰᠠᠭᠤᠭ᠎ᠠ ᠴᠡᠷᠢᠭ ᠠᠩᠬᠢ ᠵᠢᠨ ᠵᠢᠯᠤᠭᠤᠳᠤᠬᠴᠢ ᠪᠠᠶᠢᠯᠳᠤᠬᠴᠢᠳ᠂ ᠵᠡᠪᠰᠡᠭᠳᠦ ᠴᠠᠬᠳᠠᠭ᠎ᠠ ᠵᠢᠨ ᠦᠪᠦᠷ ᠮᠤᠩᠭᠤᠯ ᠤᠨ ᠴᠡᠷᠢᠭ ᠠᠩᠬᠢ ᠵᠢᠨ ᠲᠠᠷᠤᠭ᠎ᠠ ᠪᠠᠶᠢᠯᠳᠤᠬᠴᠢᠳ ᠪᠠ ᠤᠯᠤᠰ ᠲᠦᠷᠦ ᠬᠠᠤᠯᠢ ᠴᠠᠭᠠᠵᠠ ᠵᠢᠨ ᠺᠠᠳ᠋ᠷ ᠴᠠᠬᠳᠠᠭ᠎ᠠ ᠨᠠᠷ ᠲᠦ ᠬᠠᠯᠠᠭᠤᠨ ᠪᠠᠶᠠᠷ ᠬᠦᠷᠭᠡᠵᠤ ᠲᠤᠳᠤᠨᠤ ᠮᠡᠨᠳᠦᠴᠢᠯᠡᠯ ᠵᠢᠡᠨ ᠳᠡᠪᠰᠢᠭᠦᠯᠦᠶ᠎ᠡ︔ ᠦᠪᠦᠷ ᠮᠤᠩᠭᠤᠯ ᠤᠨ ᠬᠦᠭᠵᠢᠯᠳᠠ ᠲᠠᠪᠰᠢᠯᠳᠠ ᠵᠢ ᠬᠠᠯᠠᠮᠵᠢᠯᠠᠨ ᠲᠡᠮᠵᠢᠵᠦ ᠢᠷᠡᠭᠰᠡᠨ ᠨᠠᠢᠢᠵᠢ ᠨᠦᠬᠦᠳ ᠲᠤ ᠡᠷᠬᠢᠮ ᠲᠡᠭᠡᠳᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠵᠢᠡᠨ ᠳᠡᠪᠰᠢᠭᠦᠯᠦᠶ᠎ᠡ ᠬᠡᠪᠡ᠃

    ᠢᠤᠢ ᠵᠧᠩ ᠱᠧᠩ᠂ 70 ᠵᠢᠯ ᠤᠨ ᠡᠮᠦᠨ᠎ᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ ᠢ ᠲᠤᠩᠬᠠᠭᠯᠠᠪᠠ᠃ ᠡᠨᠡ ᠪᠤᠯ ᠮᠠᠷᠺᠰ ᠤᠨ ᠦᠵᠡᠯ ᠤᠨ ᠦᠨᠳᠦᠰᠦᠨ ᠣᠭ ᠶᠤᠰᠤ ᠵᠢ ᠲᠤᠮᠳᠠᠳᠤ ᠤᠯᠤᠰ ᠤᠨ ᠬᠤᠪᠢᠰᠬᠠᠯ᠂ ᠲᠤᠮᠳᠠᠳᠤ ᠤᠯᠤᠰ ᠤᠨ ᠦᠨᠳᠦᠰᠦᠳᠡᠨ ᠤ ᠪᠤᠳᠠᠳᠤ ᠪᠠᠢᠢᠳᠠᠯ ᠲᠠᠢ ᠤᠶᠠᠯᠳᠤᠭᠤᠯᠤᠬᠰᠠᠨ ᠠᠭᠤᠤ ᠶᠡᠭᠡ ᠡᠭᠦᠳᠦᠯᠳᠡ᠂ ᠦᠪᠦᠷ ᠮᠤᠩᠭᠤᠯ ᠤᠨ ᠬᠦᠭᠵᠢᠯᠳᠡ ᠵᠢᠨ ᠰᠢᠨ᠎ᠠ ᠡᠷᠡᠨ ᠢ ᠨᠡᠭᠡᠭᠡᠵᠤ᠂ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠪᠠᠢᠢᠭᠣᠯᠣᠯ ᠢ ᠬᠡᠷᠡᠭᠵᠢᠭᠦᠯᠦᠭᠰᠡᠨ ᠠᠮᠵᠢᠯᠳᠡ ᠲᠠᠢ ᠦᠯᠢᠭᠡᠷ ᠵᠢᠱᠢᠶ᠎ᠠ ᠵᠢ ᠡᠭᠦᠳᠴᠤ᠂ ᠮᠠᠨ ᠤ ᠤᠯᠤᠰ ᠤᠨ ᠦᠨᠳᠦᠰᠦᠳᠡᠨ ᠤ ᠬᠠᠷᠢᠯᠴᠠᠭ᠎ᠠ ᠵᠢᠨ ᠲᠡᠤᠭᠡ ᠵᠢᠨ ᠬᠡᠷᠡᠯ ᠰᠠᠴᠤᠷᠠᠩᠭᠤᠢ ᠬᠠᠭᠤᠳᠠᠰᠦ ᠵᠢ ᠪᠢᠴᠢᠭᠯᠡᠪᠡ᠃ 70 ᠵᠢᠯ ᠤᠨ ᠲᠤᠷᠰᠢ᠂ ᠤᠨᠴᠠᠭᠠᠢᠢᠯᠠᠨ ᠦᠭᠡᠷᠡᠴᠢᠯᠡᠯᠳᠡ ᠨᠡᠭᠡᠭᠡᠯᠳᠡ ᠡᠴᠡ ᠨᠠᠰᠢ᠂ ᠦᠪᠦᠷ ᠮᠤᠩᠭᠤᠯ ᠤᠨ ᠡᠯ᠎ᠠ ᠲᠠᠯ᠎ᠠ ᠶᠢᠨ ᠦᠢᠯᠡᠰ ᠲᠠᠪᠠᠯᠳᠠ ᠲᠠᠢ ᠬᠦᠭᠵᠢᠵᠤ᠂ ᠲᠡᠯᠡᠬᠡᠢ ᠳ᠋ᠠᠬᠢᠨ ᠤ ᠠᠩᠬᠠᠷᠤᠯ ᠢ ᠲᠠᠳᠠᠬᠰᠠᠨ ᠭᠡᠷᠡᠯ ᠰᠠᠴᠣᠷᠠᠩᠭᠣᠢ ᠠᠮᠵᠢᠯᠳᠡ ᠤᠯᠵᠣ᠂ ᠠᠵᠤ ᠠᠬᠤᠢ ᠵᠢᠨ ᠪᠤᠳᠠᠳᠤ ᠬᠦᠴᠦᠨ ᠢᠯᠡᠳᠳᠡ ᠴᠢᠩᠭᠠᠷᠠᠨ ᠰᠠᠭᠤᠷᠢ ᠲᠦᠭᠦᠭᠡᠷᠦᠮᠵᠢ ᠶᠡᠭᠡᠪᠡᠷ ᠰᠠᠶᠢᠵᠢᠷᠠᠵᠣ᠂ ᠠᠷᠠᠳ ᠤᠨ ᠠᠮᠢᠳᠤᠷᠠᠯ ᠡᠳᠦᠷ ᠢᠷᠡᠭᠦᠶ᠎ᠠ ᠦᠭᠡᠳᠡᠯᠡᠨ ᠦᠨᠳᠦᠰᠦᠳᠡᠨ ᠤ ᠰᠤᠶᠤᠯ ᠴᠡᠴᠡᠭᠯᠡᠨ ᠬᠦᠭᠵᠢᠵᠤ᠂ ᠡᠯ᠎ᠠ ᠦᠨᠳᠦᠰᠦᠳᠡᠨ ᠪᠦᠯᠬᠦᠮᠳᠡᠯ ᠲᠠᠢ ᠡᠶ᠎ᠠ ᠵᠤᠬᠢᠴᠠᠩᠭᠤᠢ ᠪᠣᠯᠵᠣ᠂ ᠨᠠᠮ ᠤᠨ ᠪᠠᠢᠢᠭᠤᠯᠤᠯᠳᠠ ᠴᠠᠭ ᠦᠶ᠎ᠠ ᠲᠠᠢ ᠵᠡᠷᠬᠡᠴᠡᠨ ᠤᠷᠤᠬᠰᠢᠯᠠᠪᠠ᠃ ᠡᠨᠡ ᠪᠤᠯ ᠦᠪᠦᠷ ᠮᠤᠩᠭᠤᠯ ᠤᠨ ᠬᠦᠭᠵᠢᠯᠳᠡ ᠵᠢᠨ ᠲᠡᠤᠭᠡᠨ ᠳᠡᠭᠡᠷᠡᠬᠢ ᠯᠤᠳᠤ ᠶᠡᠭᠡ ᠲᠠᠪᠠᠯᠳᠠ ᠪᠣᠯᠣᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠵᠦᠪ ᠵᠠᠮ ᠤᠨ ᠠᠮᠵᠢᠯᠳᠡ ᠲᠡᠢ ᠦᠢᠯᠡᠳᠦᠯᠭᠡ ᠪᠣᠯᠣᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠭᠡ ᠢᠯᠠᠯᠳᠠ ᠪᠣᠯᠣᠨ᠎ᠠ ᠬᠡᠵᠡᠢ᠃

    ᠢᠤᠢ ᠵᠧᠩ ᠱᠧᠩ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 70 ᠵᠢᠯ ᠤᠨ ᠲᠤᠷᠰᠢ ᠤᠯᠤᠬᠰᠠᠨ ᠭᠡᠷᠡᠯ ᠰᠠᠴᠣᠷᠠᠩᠭᠣᠢ ᠠᠮᠵᠢᠯᠳᠡ ᠨᠢ ᠮᠠᠤ ᠽᠧ ᠳ᠋ᠦᠩ᠂ ᠳ᠋ᠧᠩ ᠰᠢᠶᠤᠤ ᠫᠢᠩ᠂ ᠵᠢᠶᠠᠩ ᠽᠧ ᠮᠢᠨ ᠨᠦᠬᠦᠷ ᠵᠢᠡᠷ ᠭᠤᠤᠯ ᠪᠤᠯᠭᠠᠬᠰᠠᠨ ᠭᠤᠷᠪᠠᠨ ᠦᠶ᠎ᠠ ᠵᠢᠨ ᠲᠦᠪ ᠤᠨ ᠤᠳᠤᠷᠢᠳᠬᠤ ᠬᠠᠮᠳᠤ ᠪᠠ ᠬᠣ ᠵᠢᠨ ᠲᠤᠤ ᠨᠦᠬᠦᠷ ᠵᠢᠡᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠡᠯ᠎ᠠ ᠲᠡᠤᠭᠡᠨ ᠴᠠᠭ ᠦᠶ᠎ᠡ ᠳ᠋ᠡᠬᠢ ᠬᠠᠢᠢᠷ᠎ᠠ ᠬᠠᠯᠠᠮᠵᠢ ᠡᠴᠡ ᠰᠠᠯᠵᠤ ᠴᠢᠳᠠᠬᠤ ᠦᠭᠡᠢ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠦᠪᠦᠷ ᠮᠤᠩᠭᠤᠯ ᠤᠨ ᠠᠵᠢᠯ ᠢ ᠨᠠᠷᠢᠨ ᠨᠢᠮᠪᠠᠢ ᠵᠢᠭᠠᠨ ᠵᠢᠯᠤᠭᠤᠳᠤᠬᠰᠠᠨ ᠡᠴᠡ ᠰᠠᠯᠵᠤ ᠴᠢᠳᠠᠬᠤ ᠦᠭᠡᠢ᠂ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠴᠢᠩ ᠰᠡᠳᠬᠢᠯ ᠤᠨ ᠬᠠᠪᠰᠤᠷᠤᠯᠭ᠎ᠠ ᠪᠠ ᠦᠪᠡᠷᠳᠡᠭᠡᠨ ᠵᠠᠰᠬᠠᠤ ᠤᠷᠤᠨ ᠤ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠤ ᠴᠦᠭᠦᠷᠡᠯ ᠦᠭᠡᠢ ᠲᠡᠮᠡᠴᠡᠭᠰᠡᠨ ᠡᠴᠡ ᠰᠠᠯᠵᠤ ᠴᠢᠳᠠᠬᠤ ᠦᠭᠡᠢ ᠭᠡᠯ᠎ᠠ᠃

    ᠦᠪᠦᠷ ᠮᠤᠩᠭᠤᠯ ᠤᠨ ᠡᠯ᠎ᠠ ᠲᠥᠷᠦᠯ ᠤᠨ ᠠᠵᠢᠯ ᠢ ᠰᠠᠶᠢᠳᠤᠷ ᠬᠢᠭᠦ ᠳ᠋ᠤ ᠡᠷᠬᠡᠪᠰᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠵᠢ ᠪᠠᠷᠢᠮᠳᠠᠯᠠᠵᠤ᠂ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠢ ᠪᠠᠷᠢᠮᠳᠠᠯᠠᠨ ᠬᠦᠭᠵᠢᠭᠦᠯᠵᠤ᠂ ᠡᠷᠬᠡᠪᠰᠢ ᠳᠣᠮᠳᠠᠳᠣ ᠤᠯᠤᠰ ᠤᠨ ᠣᠨᠴᠠᠯᠢᠭ ᠳᠠᠢ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠭᠦ ᠵᠦᠪ ᠵᠠᠮ ᠵᠢᠡᠷ ᠵᠠᠮᠨᠠᠬᠤ ᠵᠢ ᠪᠠᠷᠢᠮᠳᠠᠯᠠᠵᠤ᠂ ᠡᠷᠬᠡᠪᠰᠢ ᠨᠡᠢᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠦᠭᠵᠢᠭᠦᠯᠭᠦ ᠵᠢ ᠪᠠᠷᠢᠮᠳᠠᠯᠠᠵᠤ᠂ ᠡᠷᠬᠡᠪᠰᠢ ᠤᠯᠤᠰ ᠤᠨ ᠠᠰᠢᠭ ᠲᠤᠰᠠ ᠪᠠ ᠲᠤᠮᠳᠠᠳᠤ ᠵᠢᠨ ᠦᠨᠳᠦᠰᠦᠳᠡᠨ ᠤ ᠠᠰᠢᠭ ᠲᠤᠰᠠ ᠠᠯᠢᠪᠡ ᠡᠴᠡ ᠡᠷᠬᠢᠮ ᠪᠠᠢᠢᠬᠤ ᠵᠢ ᠪᠠᠷᠢᠮᠳᠠᠯᠠᠬᠤ ᠬᠡᠷᠡᠭᠳᠡᠢ ᠬᠡᠳᠡᠭ ᠢ ᠪᠤᠳᠠᠳᠤ ᠶᠠᠪᠣᠳᠠᠯ ᠬᠡᠷᠡᠴᠢᠯᠡᠵᠤ ᠪᠠᠢᠢᠨ᠎ᠠ ᠬᠡᠵᠤ ᠵᠢᠭᠠᠵᠤ ᠭᠠᠷᠭᠠᠪᠠ᠃

    ᠢᠤᠢ ᠵᠧᠩ ᠱᠧᠩ᠂ ᠮᠠᠨ ᠤ ᠤᠯᠤᠰ ᠨᠢᠭᠡᠨᠳᠡ ᠴᠢᠨᠡᠭᠡᠯᠢᠭ᠌᠌ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠭᠦ ᠰᠢᠢᠳᠪᠦᠷᠢᠳᠦ ᠱᠠᠳᠤᠨ ᠳ᠋ᠤ ᠤᠷᠤᠵᠤ᠂ ᠦᠪᠦᠷ ᠮᠤᠩᠭᠤᠯ ᠴᠤ ᠬᠦᠭᠵᠢᠯᠳᠡ ᠵᠢᠨ ᠵᠠᠩᠬᠢᠯᠠᠭ᠎ᠠ ᠵᠢᠨ ᠬᠤᠭᠤᠴᠠᠭ᠎ᠠ ᠳ᠋ᠤ ᠤᠷᠤᠰᠢᠵᠣ ᠪᠠᠢᠢᠨ᠎ᠠ᠃ ᠦᠪᠦᠷ ᠮᠤᠩᠭᠤᠯ ᠤᠨ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠶ᠋ᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠤᠱᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠤ ᠲᠥᠷᠦ ᠪᠠᠷᠢᠬᠤ ᠰᠢᠨ᠎ᠠ ᠤᠶᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠭᠡᠢ ᠲᠤᠤᠱᠯᠠᠭᠤᠯᠵᠤ᠂《ᠲᠠᠪᠤ ᠵᠢ ᠨᠢᠭᠡ ᠴᠤᠬᠴᠠᠵᠢᠭᠤᠯᠬᠤ》ᠶᠡᠷᠦᠩᠬᠡᠢ ᠪᠠᠶᠢᠷᠢᠰᠢᠭᠤᠯᠤᠯᠳᠠ ᠵᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ《ᠲᠦᠷᠪᠡᠨ ᠪᠦᠬᠦ ᠲᠠᠯ᠎ᠠ》ᠵᠢᠨ ᠪᠠᠢᠢᠯᠳᠤᠬᠤ ᠪᠤᠳᠤᠯᠭ᠎ᠠ ᠵᠢᠨ ᠪᠠᠢᠢᠷᠢᠰᠢᠭᠤᠯᠤᠯᠳᠠ ᠵᠢ ᠵᠤᠬᠢᠴᠠᠭᠤᠯᠤᠨ ᠠᠬᠢᠭᠤᠯᠵᠤ᠂ 《ᠲᠦᠷᠪᠡᠨ ᠤᠬᠠᠮᠰᠠᠷ 》 ᠢ᠋ ᠪᠠᠳᠤ ᠪᠤᠢ ᠪᠤᠯᠭᠠᠨ᠂ ᠠᠮᠠᠯᠠᠯᠲᠠ ᠪᠠᠨ ᠦᠯᠦ ᠮᠠᠷᠳᠠᠵᠣ᠂ ᠰᠠᠬᠢᠨ ᠲᠡᠮᠨᠡᠯᠴᠠᠵᠤ᠂ ᠪᠦᠯᠬᠦᠮᠳᠡᠨ ᠲᠡᠮᠡᠴᠡᠵᠤ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠢᠢᠭᠤᠯᠤᠯ ᠢ ᠡᠷᠡᠰ ᠭᠤᠢᠢᠪᠢᠰᠢ ᠦᠭᠡᠢ ᠪᠠᠷᠢᠮᠳᠠᠯᠡᠨ ᠲᠡᠭᠦᠯᠳᠡᠷᠵᠢᠭᠦᠯᠵᠤ᠂ ᠪᠦᠬᠦ ᠤᠯᠤᠰ ᠲᠠᠢ ᠬᠠᠮᠳᠤᠪᠡᠷ ᠴᠢᠨᠡᠭᠡᠯᠢᠭ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠭᠦ ᠵᠢ ᠦᠨᠡᠨᠭᠦ ᠪᠠᠳᠤᠯᠠᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠶᠢᠵᠢᠷᠠᠭᠤᠯᠵᠤ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠢ ᠪᠡᠬᠢᠵᠢᠭᠦᠯᠬᠦ ᠵᠢ ᠶᠡᠭᠡᠪᠡᠷ ᠠᠬᠢᠭᠤᠯᠵᠤ᠂ ᠡᠭᠡ ᠤᠯᠤᠰ ᠤᠨ ᠤᠮᠠᠷᠠᠳᠦ ᠵᠢᠨ ᠦᠵᠡᠮᠵᠢ ᠵᠢᠨ ᠤᠷᠤᠨ ᠵᠢᠡᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠢᠢᠭᠤᠯᠵᠤ᠂《ᠦᠵᠡᠰᠭᠦᠯᠡᠩᠳᠦ ᠰᠠᠶᠢᠬᠠᠨ ᠦᠪᠦᠷ ᠮᠤᠩᠭᠤᠯ ᠵᠢᠡᠨ ᠪᠦᠳᠦᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠵᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》ᠳ᠋ᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠵᠢ ᠨᠠᠮ ᠤᠨ ᠲᠦᠪ ᠬᠤᠷᠢᠶ᠎ᠠ ᠴᠢᠩ ᠰᠡᠳᠬᠢᠯ ᠡᠴᠡ ᠪᠠᠨ ᠬᠦᠰᠡᠵᠤ ᠪᠠᠢᠢᠨ᠎ᠠ ᠬᠡᠵᠤ ᠵᠢᠭᠠᠵᠤ ᠭᠠᠷᠭᠠᠪᠠ᠃

    ᠢᠤᠢ ᠵᠧᠩ ᠱᠧᠩ ᠶᠠᠷᠢᠶᠠᠨ ᠤ ᠪᠠᠨ ᠲᠡᠭᠦᠰᠭᠡᠯ ᠳ᠋ᠤ᠂ 70 ᠵᠢᠯ ᠤᠨ ᠠᠭᠤᠤ ᠶᠡᠭᠡ ᠦᠢᠯᠡᠳᠦᠯᠭᠡ ᠪᠠ ᠭᠡᠷᠡᠯ ᠰᠠᠴᠣᠷᠠᠩᠭᠣᠢ ᠠᠮᠵᠢᠯᠳᠡ ᠨᠢᠭᠡᠨᠳᠡ ᠲᠡᠤᠭᠡ ᠵᠢᠨ ᠬᠠᠭᠣᠳᠠᠰᠣᠨ ᠳ᠋ᠤ ᠲᠡᠮᠳᠡᠭᠯᠡᠭᠳᠡᠵᠡᠢ᠂ ᠨᠡᠩ ᠰᠠᠶᠢᠨ ᠰᠠᠶᠢᠬᠠᠨ ᠢᠷᠡᠭᠡᠳᠦᠢ ᠶᠢ ᠪᠢᠳᠠ ᠬᠠᠮᠳᠤᠪᠡᠷ ᠪᠦᠳᠤᠭᠡᠨ ᠪᠠᠶᠢᠭᠤᠯᠬᠤ ᠵᠢ ᠱᠠᠭᠠᠷᠳᠠᠵᠦ ᠪᠤᠢ᠃ ᠪᠢᠳᠡ ᠰᠢ ᠵᠢᠨ ᠫᠢᠡᠭ ᠨᠦᠬᠦᠷ ᠢᠶᠡᠷ ᠭᠤᠤᠯ ᠪᠤᠯᠭᠠᠠᠨᠰᠡᠨ ᠨᠠᠮ ᠤᠨ ᠲᠦᠪ ᠬᠤᠷᠢᠶ᠎ᠠ ᠵᠢᠨ ᠲᠤᠭᠤᠷᠢᠨ ᠳ᠋ᠤ ᠨᠢᠠᠨᠳᠠᠷᠠᠨ ᠪᠦᠯᠭᠦᠮᠳᠡᠵᠤ᠂ ᠲᠤᠮᠳᠡᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ ᠳ᠋ᠧᠩ ᠰᠢᠶᠤᠤ ᠫᠢᠩ ᠤᠨ ᠤᠨᠤᠯ᠂《ᠭᠤᠷᠪᠡ ᠵᠢ ᠲᠦᠯᠤᠭᠡᠯᠡᠭᠦ》ᠴᠢᠬᠤᠯᠨ ᠦᠵᠡᠯ ᠰᠠᠨᠠᠭ᠎ᠠ᠂ ᠰᠢᠨᠵᠢᠯᠡᠭᠦ ᠤᠬᠠᠭᠠᠨᠴᠢ ᠭᠦᠭᠵᠢᠯᠳᠡ ᠵᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠶᠡᠷᠤᠡᠭᠭᠡᠢ ᠱᠦᠵᠢ ᠰᠢ ᠵᠢᠨ ᠫᠢᠩ ᠤᠨ ᠴᠢᠬᠤᠯᠨ ᠶᠡᠷᠢᠶ᠎ᠠ ᠨᠣᠭᠣᠳ ᠤᠨ ᠵᠤᠷᠢᠭ ᠰᠠᠨᠠᠭ᠎ᠠ ᠪᠡ ᠤᠯᠤᠰ ᠢ ᠵᠠᠰᠠᠵᠤ ᠲᠦᠷᠦ ᠪᠠᠷᠢᠬᠤ ᠰᠢᠨ᠎ᠡ ᠤᠢᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠵᠢ ᠭᠦᠨᠵᠡᠭᠡᠢ ᠲᠤᠤᠱᠯᠠᠭᠤᠯᠵᠣ᠂ ᠦᠪᠤᠷ ᠮᠤᠩᠭᠤᠯ ᠤᠨ ᠠᠵᠢᠯ ᠤᠨ ᠲᠤᠬᠠᠢ ᠨᠠᠮ ᠤᠨ ᠲᠦᠪ ᠬᠤᠷᠢᠶ᠎ᠠ ᠵᠢᠨ ᠶᠡᠭᠡ ᠪᠤᠳᠤᠯᠭ᠎ᠠ ᠴᠢᠭᠯᠡᠯᠳᠡ ᠵᠢ ᠭᠢᠨᠡᠮᠠᠭᠠᠢ ᠲᠤᠤᠱᠯᠠᠭᠤᠯᠵᠤ᠂ ᠰᠡᠳᠬᠢᠯ ᠵᠢᠡᠨ ᠨᠢᠭᠡᠳᠭᠡᠨ ᠭᠦᠴᠤ ᠪᠠᠨ ᠬᠠᠮᠳᠤᠳᠬᠠᠵᠤ ᠡᠷᠡᠯᠭᠡᠭᠯᠡᠨ ᠤᠷᠤᠠᠨᠰᠢᠯᠠᠵᠤ᠂ ᠦᠪᠤᠷ ᠮᠤᠩᠭᠤᠯ ᠤᠨ ᠡᠯ᠎ᠡ ᠵᠤᠢᠢᠯ ᠤᠨ ᠤᠢᠢᠯᠡᠰ ᠤᠨ ᠭᠦᠭᠵᠢᠯᠳᠡ ᠵᠢᠨ ᠰᠢᠨ᠎ᠡ ᠠᠮᠵᠢᠯᠳᠡ ᠪᠠᠷ ᠢᠶᠡᠨ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠵᠢ ᠤᠠᠨᠳᠤᠵᠤ᠂ ᠴᠢᠨᠠᠭᠡᠯᠢᠭ ᠨᠡᠢᠢᠭᠡᠮ ᠢ ᠪᠦᠭᠦ ᠲᠡᠯ᠎ᠡ ᠪᠡᠷ ᠪᠡᠶᠡᠯᠡᠭᠦᠯᠭᠦ ᠰᠢᠢᠳᠪᠤᠷᠢᠳᠤ ᠢᠯᠡᠯᠳᠡ ᠵᠢ ᠤᠯᠵᠤ᠂ ᠲᠤᠮᠳᠠᠳᠤ ᠵᠢᠨ ᠦᠨᠳᠤᠰᠤᠳᠡᠨ ᠤ ᠠᠭᠤᠤ ᠶᠡᠭᠡ ᠰᠡᠷᠭᠦᠨ ᠮᠡᠨᠳᠤᠯᠳᠡ ᠵᠢᠨ ᠲᠤᠮᠳᠠᠳᠤ ᠵᠢᠨ ᠮᠦᠷᠦᠭᠡᠳᠤᠯ ᠢ ᠪᠡᠶᠡᠯᠡᠬᠦᠯᠬᠦ ᠵᠢᠨ ᠲᠦᠯᠤᠭᠡ ᠴᠦᠭᠦᠷᠡᠯ ᠦᠭᠡᠢ ᠲᠡᠮᠡᠴᠡᠵᠡᠭᠡᠶ᠎ᠡ ᠬᠡᠪᠡ᠃

    ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠡᠭ ᠶᠡᠭᠡ ᠬᠤᠷᠠᠯ ᠲᠡᠭᠡᠷ᠎ᠠ ᠦᠭᠡ ᠬᠡᠯᠡᠪᠡ᠃ ᠲᠠᠷᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠪᠣᠵᠣ ᠢᠷᠡᠭᠰᠡᠨ 70 ᠵᠢᠯ ᠪᠤᠯ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠠᠭᠤᠤ ᠶᠡᠭᠡ ᠢᠯᠡᠯᠳᠠ ᠤᠯᠤᠭᠰᠠᠨ 70 ᠵᠢᠯ ᠪᠣᠯᠣᠨ᠎ᠠ᠂ ᠮᠠᠨ ᠤ ᠤᠯᠤᠰ ᠤᠨ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠪᠠᠢᠢᠭᠤᠯᠤᠯ ᠢ ᠠᠮᠵᠢᠯᠳᠠ ᠲᠠᠢ ᠦᠢᠯᠡᠳᠤᠯᠭᠡᠵᠢᠬᠦᠯᠦᠭᠰᠡᠨ 70 ᠵᠢᠯ ᠪᠣᠯᠣᠨ᠎ᠠ᠂ ᠪᠦᠬᠦ ᠤᠷᠤᠨ ᠤ ᠦᠨᠳᠤᠰᠤᠳᠠᠨ ᠨᠤᠬᠦᠳ ᠤᠨ ᠠᠷᠠᠳ ᠲᠦᠮᠡᠨ ᠡᠷᠡᠰ ᠪᠠᠳᠣ ᠢᠳᠡᠭᠡᠯ ᠵᠣᠷᠢᠭ ᠵᠢᠡᠷ ᠨᠠᠮ ᠢᠶᠡᠨ ᠲᠠᠭᠠᠭᠰᠠᠨ 70 ᠵᠢᠯ ᠪᠣᠯᠣᠨ᠎ᠠ᠃ ᠮᠠᠤ ᠽᠧ ᠳ᠋ᠦᠡᠭ᠂ ᠳ᠋ᠧᠡᠭ ᠰᠢᠶᠤᠤ ᠫᠢᠡᠭ᠂ ᠵᠢᠶᠠᠡᠭ ᠽᠧ ᠮᠢᠨ ᠨᠦᠬᠦᠷ ᠢᠶᠡᠷ ᠭᠤᠤᠯ ᠪᠤᠯᠭᠠᠭᠰᠠᠨ ᠭᠤᠷᠪᠠᠨ ᠦᠶ᠎ᠡ ᠶᠢᠨ ᠲᠦᠪ ᠤᠨ ᠤᠳᠤᠷᠢᠳᠬᠤ ᠬᠠᠮᠳᠤ ᠪᠠ ᠬᠣ ᠵᠢᠨ ᠲᠤᠤ ᠨᠦᠬᠦᠷ ᠢᠶᠡᠷ ᠶᠡᠷᠦᠡᠭᠭᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠡᠭᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠦᠨᠳᠤᠰᠤᠳᠠᠨ ᠤ ᠲᠤᠬᠠᠢ ᠲᠦᠷᠤ ᠶᠢᠨ ᠪᠤᠳᠤᠯᠭ᠎ᠠ ᠶᠢᠨ ᠭᠡᠷᠡᠯ ᠰᠠᠴᠤᠷᠠᠡᠭᠭᠤᠢ ᠲᠤᠶᠠᠭᠠᠯᠠᠯ ᠲᠤᠤᠷ᠎ᠠ ᠂ ᠪᠦᠬᠦ ᠤᠷᠤᠨ ᠤ ᠦᠨᠳᠤᠰᠤᠳᠠᠨ ᠨᠤᠬᠦᠳ ᠤᠨ ᠠᠷᠠᠳ ᠲᠦᠮᠡᠨ ᠲᠤᠮᠳᠠᠳᠤ ᠤᠯᠤᠰ ᠤᠨ ᠤᠨᠴᠠᠯᠢᠭ ᠲᠠᠢ ᠨᠡᠢᠢᠭᠡᠮ ᠵᠢᠷᠤᠮ ᠤᠨ ᠵᠠᠮ ᠢᠶᠡᠷ ᠡᠷᠡᠮᠡᠭᠡᠶᠢᠯᠡᠨ ᠲᠠᠪᠰᠢᠵᠤ᠂ ᠬᠤᠪᠢᠰᠬᠠᠯ᠂ ᠪᠦᠳᠤᠭᠡᠨ ᠪᠠᠢᠢᠭᠤᠯᠤᠯᠳᠠ᠂ ᠦᠭᠡᠷᠡᠴᠢᠯᠡᠯᠳᠡ ᠶᠢᠨ ᠢᠷᠠᠭᠤ ᠬᠠᠭᠤᠳᠠᠰᠤ ᠶᠢ ᠪᠢᠴᠢᠭᠯᠡᠪᠠ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠡᠴᠡ ᠨᠠᠰᠢ᠂ ᠪᠦᠬᠦ ᠤᠷᠤᠨ ᠪ ᠦᠨᠳᠤᠰᠤᠳᠠᠨ ᠨᠤᠬᠦᠳ ᠤᠨ ᠠᠷᠠᠳ ᠲᠦᠮᠡᠨ ᠰᠢ ᠵᠢᠨ ᠫᠢᠡᠭ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠠᠨ ᠪᠦᠯᠬᠦᠮᠳᠠᠵᠤ᠂ ᠶᠡᠷᠦᠡᠭᠭᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠣᠭᠣᠳ ᠤᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠶᠢᠯᠡᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠡᠭᠭᠡᠢ ᠱᠦᠵᠢ ᠰᠢ ᠵᠢᠨ ᠫᠢᠩ ᠤᠨ ᠦᠪᠤᠷ ᠮᠤᠡᠭᠭᠤᠯ ᠳᠤ ᠰᠢᠨᠵᠢᠯᠡᠨ ᠪᠠᠢᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂《ᠲᠠᠪᠤ ᠶᠢ ᠨᠢᠭᠡ ᠴᠤᠭᠴᠠᠵᠢᠭᠤᠯᠬᠤ》ᠶᠡᠷᠦᠩᠭᠡᠢ ᠪᠠᠢᠢᠷᠢᠰᠢᠭᠤᠯᠤᠯᠳᠠ ᠶᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂《ᠲᠦᠷᠪᠠᠨ ᠪᠦᠬᠦ ᠲᠠᠯ᠎ᠠ》 ᠶ᠋ᠢᠨ ᠪᠠᠢᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠠᠬᠢᠨ ᠲᠡᠮᠨᠡᠯᠴᠠᠵᠤ᠂ ᠪᠦᠯᠬᠦᠮᠳᠠᠨ ᠲᠠᠮᠠᠴᠡᠵᠤ᠂ ᠪᠦᠬᠦ ᠤᠷᠤᠨ ᠤ ᠦᠭᠡᠷᠡᠴᠢᠯᠡᠯᠳᠠ ᠨᠡᠭᠡᠭᠡᠯᠳᠠ ᠪᠠ ᠤᠳᠤᠬᠢᠴᠢᠯᠠᠬᠤ ᠪᠦᠳᠤᠭᠡᠨ ᠪᠠᠢᠢᠭᠤᠯᠤᠯᠳᠠ ᠶᠢᠨ ᠴᠣ᠋ ᠰᠢᠨ᠎ᠠ ᠪᠠᠢᠢᠳᠠᠯ ᠢ ᠨᠡᠭᠡᠭᠡᠪᠡ ᠭᠡᠵᠠᠢ᠃

    ᠯᠢ ᠵᠢᠢ ᠾᠧᠡᠭ᠂ ᠶᠡᠷᠦᠡᠭᠭᠡᠢ ᠱᠦᠵᠢ ᠰᠢ ᠵᠢᠨ ᠫᠢᠩ ᠤᠨ ᠦᠪᠤᠷ ᠮᠤᠡᠭᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠪᠤᠯᠤᠨ《ᠦᠵᠡᠰᠬᠦᠯᠠᠡᠭᠳᠤ ᠰᠠᠶᠢᠬᠠᠨ ᠦᠪᠤᠷ ᠮᠤᠡᠭᠭᠤᠯ ᠢᠶᠡᠨ ᠪᠦᠳᠤᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠠᠬᠦᠳᠤ ᠪᠠᠨ ᠬᠠᠮᠳᠤᠪᠠᠷ ᠲᠡᠷᠭᠡᠯᠰᠢᠬᠦᠯᠤᠶ᠎ᠠ》ᠭᠡᠰᠡᠨ ᠪᠢᠴᠢᠭᠡᠰᠤ ᠨᠢ ᠮᠠᠨ ᠤ ᠤᠷᠤᠨ ᠳ᠋ᠤ ᠲᠠᠮᠠᠴᠡᠬᠦ ᠬᠠᠷᠠᠯᠳᠠ ᠪᠠ ᠤᠷᠤᠭᠰᠢᠯᠠᠬᠤ ᠴᠢᠭᠯᠡᠯ ᠢ ᠴᠢᠨᠠᠭᠰᠢᠳᠠ ᠳᠣᠳᠣᠷᠬᠠᠶᠢᠯᠠᠨ ᠦᠭᠴᠡᠢ᠃ ᠪᠢᠳᠠ ᠵᠠᠪᠠᠯ ᠰᠢ ᠵᠢᠨ ᠫᠢᠡᠭ ᠨᠦᠬᠦᠷ ᠢᠶᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠠᠡᠭ ᠨᠢᠬᠳᠠᠷᠠᠨ ᠪᠦᠯᠬᠦᠮᠳᠠᠵᠤ᠂《ᠲᠦᠷᠪᠠᠨ ᠤᠬᠠᠮᠰᠠᠷ》 ᠢ᠋ ᠴᠢᠨᠠᠭᠰᠢᠳᠠ ᠴᠢᠩᠭᠠᠳᠬᠠᠨ《ᠲᠦᠷᠪᠠᠨ ᠢᠳᠡᠭᠡᠯ》 ᠢ᠋ ᠪᠠᠳᠤᠳᠬᠠᠵᠤ᠂ ᠠᠮᠠᠯᠠᠯᠳᠠ ᠪᠠᠨ ᠦᠯᠦ ᠮᠠᠷᠳᠠᠵᠤ ᠴᠤᠴᠠᠯᠳᠠ ᠦᠭᠡᠢ ᠤᠷᠤᠭᠰᠢᠯᠠᠵᠣ᠂《ᠦᠵᠡᠰᠬᠦᠯᠠᠡᠭᠳᠤ ᠰᠠᠶᠢᠬᠠᠨ ᠦᠪᠤᠷ ᠮᠤᠡᠭᠭᠤᠯ ᠢᠶᠡᠨ ᠪᠦᠳᠤᠭᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ》ᠳ᠋᠋ᠦ ᠰᠢᠨ᠎ᠠ ᠬᠤᠪᠢ ᠨᠠᠮᠠᠷᠢ ᠦᠵᠡᠬᠦᠯᠵᠤ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠡᠨ ᠨᠠᠡᠭ ᠦᠵᠡᠰᠬᠦᠯᠠᠡᠭᠳᠤ ᠰᠠᠶᠢᠬᠠᠨ ᠪᠤᠯᠭᠠᠨ ᠪᠦᠲᠦᠬᠡᠨ ᠪᠠᠶᠢᠭᠤᠯᠤᠨ᠎ᠠ ᠭᠡᠪᠠ᠃

    ᠮᠤᠡᠭᠭᠤᠯ ᠦᠨᠳᠤᠰᠤᠳᠠᠨ ᠤ ᠢᠷᠭᠡᠳ ᠤᠨ ᠲᠦᠯᠦᠭᠡᠯᠡᠭᠴᠢ ᠰᠠᠴᠡᠨᠪᠠᠳᠤ ᠪᠤᠯᠤᠨ ᠬᠢᠳᠠᠳ ᠦᠨᠳᠤᠰᠤᠳᠠᠨ ᠤ ᠢᠷᠭᠡᠳ ᠤᠨ ᠲᠦᠯᠦᠭᠡᠯᠡᠭᠴᠢ ᠬᠦᠧᠧ ᠰᠢᠶᠤᠤ ᠬᠤᠡᠭ ᠬᠤᠷᠠᠯ ᠲᠡᠭᠡᠷ᠎ᠠ ᠦᠭᠡ ᠶᠠᠷᠢᠵᠠᠢ᠃

    ᠳᠠᠷᠠᠭ᠎ᠠ ᠳ᠋ᠤᠨᠢ ᠢᠷᠭᠡᠳ ᠤᠨ ᠦᠪᠡᠳᠡᠭᠰᠢ ᠶᠡᠭᠡ ᠲᠤᠬᠯᠠᠯᠳᠠ ᠶᠠᠪᠤᠭᠳᠠᠪᠠ᠃ ᠲᠤᠬᠯᠠᠯᠳᠠ ᠨᠢ《ᠦᠵᠡᠰᠬᠦᠯᠠᠡᠭᠳᠤ ᠰᠠᠶᠢᠬᠠᠨ ᠦᠪᠤᠷ ᠮᠤᠡᠭᠭᠤᠯ》᠂《ᠲᠠᠯ᠎ᠠ ᠨᠤᠳᠤᠭ ᠤᠨ ᠨᠠᠶᠢᠷᠠᠯ》᠂《ᠲᠤᠮᠳᠠᠳᠤ ᠶᠢᠨ ᠮᠦᠷᠦᠭᠡᠳᠤᠯ ᠢᠶᠡᠨ ᠬᠠᠮᠳᠤᠪᠠᠷ ᠲᠡᠷᠭᠡᠯᠰᠢᠬᠦᠯᠦᠶ᠎ᠠ》ᠭᠡᠰᠡᠨ ᠭᠤᠷᠪᠠᠨ ᠪᠦᠯᠦᠭ ᠢᠶᠡᠷ ᠪᠦᠷᠢᠯᠳᠤᠵᠤ᠂ ᠠᠭᠤᠤ ᠶᠡᠭᠡ ᠡᠭᠡ ᠤᠯᠤᠰ ᠤᠨ ᠴᠡᠴᠡᠭᠯᠡᠯᠳᠡ ᠬᠦᠭᠵᠢᠯᠳᠠ᠂ ᠦᠪᠤᠷ ᠮᠤᠡᠭᠭᠤᠯ ᠤᠨ ᠢᠷᠡᠭᠡᠳᠤᠢ ᠵᠢᠨ ᠨᠠᠡᠭ ᠰᠠᠶᠢᠨ ᠰᠠᠶᠢᠬᠠᠨ ᠢ ᠬᠠᠮᠳᠣᠪᠠᠷ ᠬᠦᠰᠡᠨ ᠵᠦᠡᠭᠨᠡᠪᠠ᠃

    ᠲᠦᠪ ᠤᠨ ᠲᠦᠯᠦᠭᠡᠯᠡᠬᠦ ᠪᠠᠭ ᠤᠨ ᠲᠠᠳ᠋ ᠲᠠᠷᠤᠭ᠎ᠠ ᠯᠢᠤ ᠶᠠᠨ ᠳ᠋ᠦᠡᠭ᠂ ᠰᠦᠨ ᠴᠦᠨ ᠯᠠᠨ᠂ ᠵᠠᠡᠭ ᠫᠢᠡᠭ᠂ ᠸᠠᠡᠭ ᠵᠧᠡᠭ ᠸᠧᠢ᠂ ᠵᠠᠡᠭ ᠶᠠᠡᠭ ᠪᠤᠯᠤᠨ ᠲᠦᠪ ᠤᠨ ᠲᠦᠯᠦᠭᠡᠯᠡᠬᠦ ᠪᠠᠭ ᠤᠨ ᠪᠦᠬᠦ ᠬᠡᠰᠢᠬᠦᠳ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠳ ᠶᠡᠬᠡ ᠬᠤᠷᠠᠯ ᠳᠤ ᠤᠷᠤᠯᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120691121458088