蒙古文网站Logo
ᠰᠢᠨᠬᠤᠸᠠ ᠮᠤᠩᠭ᠋ᠤᠯ ᠨᠧᠲ

ᠯᠢᠦ ᠶᠠᠨ ᠳ᠋ᠦᠩ ᠳᠦᠪ ᠤᠨ ᠳᠦᠯᠦᠬᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠳᠠᠭᠠᠭᠤᠯᠤᠨ ᠤᠯᠠᠭᠠᠬᠠᠨᠳᠠ ᠳᠤ ᠬᠦᠷᠴᠤ ᠡᠯ᠎ᠡ ᠦᠨᠳᠦᠰᠦᠳᠡᠨ ᠤ ᠺᠠᠳ᠋ᠷ ᠤᠯᠠᠨ ᠳᠦᠮᠡᠨ ᠢ ᠳᠤᠬᠤᠨᠢᠭᠤᠯᠪᠠ

2017-08-10 09:59

    ᠰᠢᠨᠬᠤᠧᠠ ᠬᠤᠷᠢᠶ᠎ᠠ   ᠦᠪᠦᠷ ᠮᠤᠩᠭᠤᠯ ᠤᠨ ᠤᠯᠠᠭᠠᠨᠬᠠᠳᠠ ᠶᠢᠨ 8 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠰᠢᠶᠦ᠋ᠩ ᠵᠧᠩ ᠶᠠᠨ) ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠳᠦᠪ ᠤᠨ ᠳᠦᠯᠦᠬᠡᠯᠡᠬᠦ ᠪᠠᠭ ᠤᠨ ᠳᠡᠳ᠋ ᠳᠠᠷᠤᠭ᠎ᠠ ᠯᠢᠦ ᠶᠠᠨ ᠳ᠋ᠦᠩ 9 ᠤ ᠡᠳᠦᠷ ᠳᠦᠪ ᠤᠨ ᠳᠦᠯᠦᠬᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠳᠠᠭᠠᠭᠤᠯᠤᠨ ᠤᠯᠠᠭᠠᠬᠠᠨᠳᠠ ᠳᠤ ᠬᠦᠷᠴᠤ ᠡᠯ᠎ᠡ ᠦᠨᠳᠦᠰᠦᠳᠡᠨ ᠤ ᠺᠠᠳ᠋ᠷ ᠤᠯᠠᠨ ᠳᠦᠮᠡᠨ ᠢ ᠳᠤᠬᠤᠨᠢᠭᠤᠯᠤᠨ ᠪᠠᠰᠠ ᠬᠦᠷᠢᠶᠡᠯᠡᠩ ᠳᠤᠭᠤᠷᠢᠭ᠂ ᠠᠵᠤ ᠠᠬᠤᠶᠢᠯᠠᠯ᠂ ᠤᠯᠠᠨ ᠳᠦᠮᠡᠨ ᠤ ᠤᠷᠠᠯᠢᠭ ᠤᠨ ᠤᠷᠳᠤᠨ᠂ ᠵᠠᠯᠠᠭᠤᠴᠤᠳ ᠪᠠᠭᠠᠴᠤᠳ ᠤᠨ ᠤᠷᠳᠤᠨ᠂ ᠰᠤᠷᠭᠠᠭᠤᠯᠢ ᠵᠡᠷᠬᠡ ᠳᠤ ᠬᠦᠷᠴᠤ ᠡᠯ᠎ᠡ ᠡᠳᠡᠬᠡᠳ ᠤᠨ ᠺᠠᠳ᠋ᠷ ᠤᠯᠠᠨ ᠳᠦᠮᠡᠨ ᠲᠠᠢ ᠰᠠᠨᠠᠯ ᠢᠶᠡᠨ ᠰᠤᠯᠢᠯᠴᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠬᠠᠮᠳᠤᠪᠠᠷ ᠪᠡᠯᠬᠡᠯᠡᠵᠡᠢ᠃

    ᠯᠢᠦ ᠶᠠᠨ ᠳ᠋ᠦᠩ ᠤᠯᠠᠭᠠᠨᠬᠠᠳᠠ ᠬᠤᠳᠠ ᠵᠢᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠲᠠᠢ᠋ ᠠᠭᠤᠯᠵᠠᠬᠤ ᠵᠢᠨ ᠬᠠᠮᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ᠋ ᠵᠢ᠋ ᠪᠡᠯᠭᠡᠯᠡᠭᠦ ᠤᠯᠠᠭᠠᠨᠬᠠᠳᠠ ᠬᠤᠳᠠ ᠵᠢᠨ ᠶᠠᠷᠢᠯᠴᠠᠬᠤ ᠬᠤᠷᠠᠯ ᠳ᠋ᠤ ᠤᠷᠤᠯᠴᠠᠪᠠ᠃ ᠯᠢᠦ ᠶᠠᠨ ᠳ᠋ᠦᠩ᠂ 70 ᠵᠢᠯ ᠤᠨ ᠲᠤᠷᠰᠢ᠋᠂ ᠨᠠᠮ ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠲᠤᠳᠤᠨᠤ ᠬᠠᠯᠠᠮᠵᠢᠯᠠᠯ ᠲᠤᠤᠷ᠎ᠠ᠂ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠦ ᠪᠦᠯᠬᠦᠮᠳᠡᠯ ᠲᠡᠮᠡᠴᠡᠯ ᠵᠢᠡᠷ ᠲᠡᠮᠵᠢᠭᠠᠳ ᠤᠯᠠᠭᠠᠨᠬᠠᠳᠠ ᠳ᠋ᠤ ᠲᠡᠭᠷᠢ᠋ ᠭᠠᠵᠠᠷ  ᠢ ᠲᠤᠩᠰᠤᠯᠭᠠᠮ᠎ᠠ ᠬᠤᠪᠢᠷᠠᠯᠳᠠ ᠭᠠᠷᠴᠤ᠂ ᠡᠳ᠋ ᠤᠨ ᠵᠠᠰᠠᠭ ᠨᠡᠢᠢᠭᠡᠮ ᠲᠠᠪᠠᠯᠳᠠ ᠵᠢᠨ ᠴᠢᠨᠠᠷᠳᠠᠢ᠋ ᠬᠦᠭᠵᠢᠵᠤ᠂ ᠢᠷᠬᠡᠳ ᠤᠨ ᠠᠮᠢᠳᠤᠷᠠᠯ ᠰᠠᠢᠢᠵᠢᠷᠠᠨ ᠠᠮᠢ᠋ ᠠᠬᠤᠢ᠋ ᠵᠢᠨ ᠪᠦᠳᠦᠭᠡᠨ ᠪᠠᠢᠢᠭᠤᠯᠤᠯᠳᠠ ᠡᠮᠦᠨ᠎ᠠ ᠡᠩᠨᠡᠭᠡ ᠳ᠋ᠤ ᠣᠷᠣᠵᠣ᠂ ᠦᠨᠳᠦᠰᠦᠳᠡᠨ ᠤ ᠪᠦᠯᠬᠦᠮᠳᠡᠯ ᠨᠡᠩ ᠪᠡᠬᠢᠵᠢᠵᠡᠢ᠋ ᠬᠡᠪᠡ᠃ ᠲᠡᠷᠡ᠂ ᠶᠡᠷᠦᠩᠬᠡᠢ᠋ ᠱᠦᠵᠢ᠋ ᠰᠢ᠋ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ  ᠢ ᠵᠠᠰᠠᠵᠤ ᠲᠥᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠠ ᠪᠠᠨ ᠢᠮᠠᠬᠳᠠ ᠰᠢ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ᠋ ᠤᠨ ᠲᠦᠪ ᠬᠤᠷᠢᠶ᠎ᠠ ᠲᠡᠢ ᠲᠡᠭᠡᠳᠦ ᠬᠡᠮᠵᠢᠶ᠎ᠠ ᠪᠡᠷ ᠨᠢᠭᠡᠳᠦᠯᠳᠡᠢ ᠪᠠᠢᠢᠬᠤ ᠬᠡᠷᠡᠭᠳᠡᠢ᠃ ᠬᠦᠭᠵᠢᠭᠦᠯᠬᠦ ᠪᠤᠯ ᠲᠡᠷᠢᠭᠦᠨ ᠴᠢᠬᠤᠯᠠ ᠡᠭᠦᠷᠭᠡ ᠪᠣᠯᠬᠣ ᠵᠢ ᠪᠠᠳᠤ ᠡᠵᠡᠮᠳᠡᠵᠤ᠂ ᠡᠳ᠋ ᠤᠨ ᠵᠠᠰᠠᠭ ᠤᠨ ᠵᠠᠭᠪᠤᠷ ᠢ ᠦᠬᠡᠷᠡᠴᠢᠯᠡᠨ ᠵᠡᠷᠬᠡᠯᠡᠯ ᠳᠡᠪᠰᠢᠬᠦᠯᠬᠦ᠂ ᠴᠢᠨᠠᠷ ᠢ ᠲᠡᠭᠡᠭᠰᠢᠯᠡᠭᠦᠯᠦᠨ ᠦᠷ᠎ᠠ ᠠᠰᠢᠭ ᠵᠢᠡᠨ ᠨᠡᠮᠡᠭᠳᠡᠭᠦᠯᠭᠦ ᠵᠢ ᠠᠬᠢᠭᠤᠯᠬᠤ ᠬᠡᠷᠡᠭᠳᠡᠢ; ᠢᠷᠬᠡᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠢᠢᠵᠢᠷᠠᠭᠤᠯᠵᠤ᠂ ᠦᠨᠳᠦᠰᠦᠳᠡᠨ ᠨᠣᠭᠦᠳ ᠤᠨ ᠤᠯᠠᠨ ᠲᠦᠮᠡᠨ ᠤ ᠬᠦᠷᠳᠡᠭᠡᠮᠵᠢ ᠵᠢᠨ ᠲᠦᠷᠦᠭᠳᠡᠯ ᠪᠠ ᠵᠤᠯ ᠵᠢᠷᠭᠠᠯᠳᠦ ᠰᠡᠳᠬᠢᠯᠭᠡ ᠵᠢ ᠦᠨᠡᠡᠭᠦ ᠲᠡᠭᠡᠭᠰᠢᠯᠡᠭᠦᠯᠭᠦ ᠬᠡᠷᠡᠭᠳᠡᠢ; ᠦᠨᠳᠦᠰᠦᠳᠡᠨ ᠤ ᠠᠵᠢᠯ ᠢ ᠪᠦᠬᠦ ᠬᠦᠴᠦᠨ ᠵᠢᠡᠷ ᠰᠠᠢᠢᠳᠤᠷ ᠬᠢᠵᠤ᠂ ᠦᠨᠳᠦᠰᠦᠳᠡᠨ ᠤ ᠪᠦᠯᠬᠦᠮᠳᠡᠯ ᠢ ᠦᠨᠡᠨᠭᠦ ᠬᠠᠮᠠᠭᠠᠯᠠᠨ᠂ 《ᠦᠵᠡᠰᠭᠦᠯᠡᠩᠳᠦ ᠰᠠᠢᠢᠬᠠᠨ ᠦᠪᠦᠷ ᠮᠤᠩᠭᠤᠯ ᠵᠢᠡᠨ ᠪᠦᠳᠦᠭᠡᠨ ᠪᠠᠢᠢᠭᠤᠯᠵᠤ ᠠᠭᠤᠤ ᠶᠡᠭᠡ ᠲᠤᠮᠳᠠᠳᠤ ᠵᠢᠨ ᠵᠡᠭᠦᠳᠦ ᠪᠠᠨ ᠬᠠᠮᠲᠦᠪᠡᠷ ᠲᠡᠷᠬᠡᠯᠰᠢᠭᠦᠯᠭᠦ》ᠳ᠋ᠤ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ ᠬᠡᠵᠤ ᠵᠢᠭᠠᠵᠤ ᠭᠠᠷᠭᠠᠪᠠ᠃

ᠯᠢᠦ ᠶᠠᠨ ᠳ᠋ᠦᠩ ᠤᠯᠠᠨ ᠳᠦᠮᠡᠨ ᠤ ᠤᠷᠠᠯᠢᠭ ᠤᠨ ᠤᠷᠳᠤᠨ ᠳᠤ

    ᠤᠯᠠᠭᠠᠨᠬᠠᠳᠠ ᠬᠤᠳᠠ ᠵᠢᠨ ᠤᠯᠠᠨ ᠲᠦᠮᠡᠨ ᠤ ᠤᠷᠠᠯᠢᠭ ᠤᠨ ᠤᠷᠳᠤᠨ᠂ ᠵᠠᠯᠠᠭᠤᠴᠤᠳ ᠪᠠᠭᠠᠴᠤᠳ ᠤᠨ ᠤᠷᠳᠤᠨ ᠳ᠋ᠤ᠂ ᠯᠢᠦ ᠶᠠᠨ ᠳ᠋ᠦᠩ ᠤᠯᠠᠭᠠᠨᠬᠠᠳᠠ ᠵᠢᠨ ᠰᠤᠶᠤᠯ ᠤᠨ ᠦᠵᠡᠰᠭᠦᠯᠡᠩ ᠢ ᠬᠢᠨᠠᠮᠠᠭᠠᠢ ᠰᠤᠨᠢᠷᠬᠠᠵᠤ᠂ ᠤᠯᠠᠨ ᠲᠦᠮᠡᠨ ᠤ ᠤᠷᠠᠯᠢᠭ ᠤᠨ ᠠᠵᠢᠯᠯᠠᠭ᠎ᠠ ᠵᠢ ᠰᠢᠨᠵᠢᠯᠡᠨ ᠪᠠᠢᠢᠴᠠᠭᠠᠵᠤ᠂ ᠤᠯᠠᠨ ᠴᠢᠳᠠᠪᠬᠢᠳᠦ ᠪᠤᠯᠪᠠᠰᠤᠷᠠᠯ ᠤᠨ ᠲᠠᠰᠤᠭ ᠲᠦ ᠤᠷᠤᠵᠤ ᠵᠠᠯᠠᠭᠤᠴᠤᠳ ᠪᠠᠭᠠᠴᠤᠳ ᠯᠤᠭ᠎ᠠ ᠬᠠᠯᠠᠭᠣᠨ ᠵᠢᠡᠷ ᠶᠠᠷᠢᠯᠴᠠᠪᠠ᠃ ᠲᠡᠷᠡ᠂ ᠵᠠᠯᠠᠭᠤᠴᠤᠳ ᠪᠠᠭᠠᠴᠤᠳ ᠤᠨ ᠡᠷᠡᠭᠦᠯ ᠢᠶᠡᠷ ᠦᠰᠦᠨ ᠪᠤᠢᠢᠵᠢᠬᠤ ᠵᠢ ᠨᠡᠩ ᠬᠠᠯᠠᠮᠵᠢᠯᠠᠨ ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠬᠵᠢᠭᠤᠯᠵᠤ᠂ ᠦᠨᠳᠦᠰᠦᠳᠡᠨ ᠨᠣᠭᠦᠳ ᠤᠨ ᠤᠯᠠᠮᠵᠢᠯᠡᠯᠳᠦ ᠰᠤᠶᠤᠯ ᠢ ᠰᠠᠢᠢᠳᠤᠷ ᠬᠠᠮᠠᠭᠠᠯᠠᠨ ᠰᠠᠢᠢᠳᠤᠷ ᠤᠯᠠᠮᠵᠢᠯᠠᠨ ᠵᠠᠯᠭᠠᠮᠵᠢᠯᠠᠬᠣ ᠬᠡᠷᠡᠭᠳᠡᠢ ᠬᠡᠵᠤ ᠵᠢᠭᠠᠵᠤ ᠭᠠᠷᠭᠠᠪᠠ᠃

    ᠤᠯᠠᠭᠠᠨᠬᠠᠳᠠ ᠵᠢᠨ ᠬᠤᠶᠠᠳᠤᠭᠠᠷ ᠲᠤᠮᠳᠠᠳᠤ ᠰᠤᠷᠭᠠᠭᠤᠯᠢ ᠳ᠋ᠤ᠂ ᠯᠢᠦ ᠶᠠᠨ ᠳ᠋ᠦᠩ ᠰᠤᠷᠭᠠᠭᠤᠯᠢ ᠵᠢᠨ ᠲᠡᠤᠭᠡ ᠵᠢᠨ ᠤᠷᠳᠤᠨ ᠵᠢᠡᠷ ᠰᠢᠨᠵᠢᠯᠡᠨ ᠪᠠᠢᠢᠴᠠᠭᠠᠵᠤ᠂ ᠰᠤᠷᠭᠠᠭᠤᠯᠢ ᠵᠢᠨ ᠬᠦᠷᠢᠶᠡᠨ ᠤ ᠬᠦᠯ ᠪᠦᠮᠪᠦᠭᠡ ᠵᠢᠨ ᠬᠠᠮᠳᠤᠷᠠᠬᠰᠠᠨ ᠤᠷᠤᠯᠳᠤᠭᠠᠨ ᠢ ᠲᠤᠬᠠᠢ ᠵᠢᠨ ᠲᠠᠯᠠᠪᠠᠢ ᠳ᠋ᠤᠨᠢ ᠰᠤᠨᠢᠷᠬᠠᠪᠠ᠃ ᠳᠡᠷᠡ᠂ ᠶᠣᠰᠣ ᠰᠣᠷᠳᠠᠬᠣᠨ ᠳᠠᠢ ᠬᠦᠮᠦᠨ ᠬᠦᠮᠦᠵᠢᠭᠦᠯᠭᠦ ᠦᠨᠳᠦᠰᠦᠨ ᠡᠭᠦᠷᠭᠡ ᠵᠢ ᠪᠠᠳᠤ ᠡᠵᠡᠮᠰᠢᠵᠤ᠂ ᠰᠤᠷᠭᠠᠨ ᠬᠦᠮᠦᠵᠢᠯ ᠤᠨ ᠶᠡᠷᠦᠩᠬᠡᠢᠢᠯᠡᠭᠰᠡᠨ ᠦᠭᠡᠷᠡᠴᠢᠯᠡᠯᠳᠡ ᠵᠢ ᠬᠦᠨᠵᠡᠭᠡᠢᠢᠷᠡᠭᠦᠯᠵᠤ᠂ ᠰᠤᠷᠤᠬᠴᠢᠳ ᠤᠨ ᠶᠣᠰᠣ ᠰᠣᠷᠳᠠᠬᠣᠨ ᠣᠶᠣᠨ ᠣᠬᠠᠭᠠᠨ ᠪᠡᠶ᠎ᠠ ᠮᠠᠬᠠᠪᠣᠳ ᠭᠤᠤ᠎ᠠ ᠰᠠᠢᠢᠬᠠᠨ ᠦ ᠪᠦᠬᠦ ᠲᠠᠯ᠎ᠠ ᠵᠢᠨ ᠬᠦᠭᠵᠢᠯᠳᠡ ᠵᠢ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠵᠠᠢ᠃

ᠯᠢᠦ ᠶᠠᠨ ᠳ᠋ᠦᠩ ᠵᠠᠯᠠᠭᠤᠴᠤᠳ ᠪᠠᠭᠠᠴᠤᠳ ᠤᠨ ᠤᠷᠳᠤᠨ ᠳᠤ

    ᠲᠢᠶᠠᠨ ᠴᠢ ᠬᠢᠳᠡᠳ ᠮᠤᠩᠭᠤᠯ ᠡᠮ᠋ ᠦᠢᠯᠡᠳᠭᠦ ᠬᠢᠵᠠᠭᠠᠷᠳᠤ ᠺᠤᠮᠫᠠᠨᠢ ᠳ᠋ᠤ᠂ ᠯᠢᠦ ᠶᠠᠨ ᠳ᠋ᠦᠩ ᠡᠮ᠋ ᠦᠢᠯᠡᠳᠭᠦ ᠲᠠᠰᠤᠭ ᠤᠨ ᠮᠤᠩᠭᠤᠯ ᠡᠮ᠋ ᠦᠢᠯᠡᠳᠪᠦᠷᠢᠯᠡᠭᠦ ᠶᠠᠪᠤᠴᠠ ᠵᠢ ᠰᠢᠨᠵᠢᠯᠡᠨ ᠪᠠᠢᠢᠴᠠᠭᠠᠵᠤ᠂ ᠮᠡᠷᠭᠡᠵᠢᠯᠳᠡᠨ ᠲᠠᠢ ᠰᠠᠨᠠᠯ ᠵᠢᠡᠨ ᠰᠤᠯᠢᠯᠴᠠᠵᠠᠢ᠃ ᠲᠡᠷᠡ᠂ ᠴᠦᠭᠡᠨ ᠲᠤᠭᠠᠳᠦ ᠦᠨᠳᠦᠰᠦᠳᠡᠨ ᠤ ᠡᠮ᠋ ᠡᠮᠨᠡᠯᠭᠡ ᠵᠢ ᠬᠠᠮᠠᠭᠠᠯᠠᠵᠣ ᠤᠯᠠᠮᠵᠢᠯᠠᠨ ᠵᠠᠯᠭᠠᠮᠵᠢᠯᠠᠬᠣ ᠢᠢ ᠰᠠᠢᠢᠳᠤᠷ ᠬᠢᠵᠤ᠂ ᠰᠢᠨᠵᠢᠯᠡᠭᠦ ᠤᠠᠬᠭᠠᠨ ᠲᠧᠭᠨᠤᠯᠤᠬᠢ ᠶᠢᠨ ᠰᠢᠨ᠎ᠠ ᠵᠢ ᠡᠭᠦᠳᠭᠦ ᠪᠠ ᠦᠷ᠎ᠠ ᠪᠦᠳᠦᠭᠡᠯ ᠢ ᠬᠣᠪᠢᠷᠠᠭᠣᠯᠬᠣ ᠵᠢ ᠴᠢᠩᠭᠠᠳᠬᠠᠵᠤ᠂ ᠴᠦᠭᠡᠨ ᠲᠤᠭᠠᠳᠦ ᠦᠨᠳᠦᠰᠦᠳᠡᠨ ᠤ ᠡᠮ᠋ ᠡᠮᠨᠡᠯᠭᠡ ᠵᠢᠨ ᠦᠢᠯᠡᠰ ᠢ ᠬᠦᠭᠵᠢᠭᠦᠯᠤᠨ ᠤᠯᠠᠨ ᠲᠦᠮᠡᠨ ᠤ ᠡᠷᠡᠭᠦᠯ ᠴᠢᠬᠢᠷᠠᠭ ᠪᠤᠶᠠᠨ ᠵᠢᠷᠭᠠᠯᠲᠠᠢ ᠪᠠᠢᠢᠬᠤ ᠳᠦ ᠨᠡᠩ ᠰᠠᠢᠢᠳᠤᠷ ᠦᠢᠯᠡᠴᠢᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃

    ᠯᠢᠦ ᠶᠠᠨ ᠳ᠋ᠦᠩ ᠪᠠᠰᠠ ᠦᠪᠦᠷ ᠮᠤᠩᠭᠤᠯ ᠤᠨ ᠬᠤᠩᠱᠠᠨ ᠪᠤᠳᠠᠰ ᠤᠨ ᠬᠦᠢᠯᠭᠡᠭᠡ ᠵᠢᠨ ᠬᠦᠷᠢᠶᠡᠯᠡᠩ ᠲᠤᠭᠤᠷᠢᠭ᠂ ᠤᠯᠠᠭᠠᠨᠬᠠᠳᠠ ᠵᠢᠨ ᠭᠠᠢᠢᠯᠢ ᠵᠢ ᠪᠠᠳᠤᠯᠠᠬᠤ ᠪᠤᠳᠠᠰ ᠤᠨ ᠬᠦᠢᠯᠭᠡᠭᠡ ᠵᠢᠨ ᠲᠦᠪ ᠵᠢᠡᠷ ᠰᠢᠨᠵᠢᠯᠡᠨ ᠪᠠᠢᠢᠴᠠᠭᠠᠵᠤ᠂ ᠬᠦᠷᠢᠶᠡᠯᠡᠩ ᠲᠤᠭᠤᠷᠢᠭ ᠪᠠ ᠪᠤᠳᠠᠰ ᠤᠨ ᠬᠦᠢᠯᠭᠡᠭᠡ ᠵᠢᠨ ᠲᠦᠪ ᠢ ᠤᠯᠤᠰ ᠤᠨ ᠪᠠᠢᠢᠯᠳᠤᠬᠤ ᠪᠤᠳᠤᠯᠭ᠎ᠠ ᠯᠤᠭ᠎ᠠ ᠢᠳᠡᠪᠬᠢᠳᠡᠢ ᠵᠤᠯᠭᠠᠭᠤᠯᠵᠤ᠂ ᠦᠭᠡᠷᠡᠴᠢᠯᠡᠯᠳᠡ ᠬᠢᠬᠦ ᠪᠠ ᠰᠢᠨ᠎ᠠ ᠵᠢ ᠡᠭᠦᠳᠭᠦ ᠡᠷᠴᠢᠮ᠋ ᠵᠢᠡᠨ ᠴᠢᠩᠭᠠᠷᠠᠭᠣᠯᠣᠭᠠᠷᠠᠢ ᠬᠡᠵᠤ ᠵᠤᠷᠢᠬᠵᠢᠭᠤᠯᠵᠠᠢ᠃

    ᠲᠦᠯᠦᠭᠡᠯᠡᠬᠦ ᠪᠠᠭ ᠤᠨ ᠬᠢᠨ ᠬᠦᠷᠦᠭᠰᠡᠨ ᠭᠠᠵᠠᠷ ᠪᠤᠯᠭᠠᠨ ᠳ᠋ᠤ ᠦᠨᠳᠦᠰᠦᠳᠡᠨ ᠨᠤᠬᠦᠳ ᠤᠨ ᠤᠯᠠᠨ ᠲᠦᠮᠡᠨ ᠤ ᠬᠠᠯᠠᠭᠤᠨ ᠤᠭᠳᠤᠯᠭ᠎ᠠ ᠵᠢ ᠤᠯᠤᠭᠰᠠᠨ ᠪᠠᠢᠢᠨ᠎ᠠ᠃

    ᠦᠪᠡᠷᠳᠡᠭᠡᠨ ᠵᠠᠰᠠᠬᠤ ᠤᠷᠤᠨ ᠤ ᠨᠠᠮ᠋ ᠤᠨ ᠬᠤᠷᠢᠶ᠎ᠠ ᠵᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ᠋ ᠤᠨ ᠬᠤᠷᠢᠶ᠎ᠠ ᠵᠢᠨ ᠪᠠᠢᠢᠩᠭᠤ ᠵᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠢᠢᠩᠭᠤ ᠵᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠪᠠᠷ᠎ᠠ ᠪᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121461312