蒙古文网站Logo
ᠰᠢᠨᠬᠤᠸᠠ ᠮᠤᠩᠭ᠋ᠤᠯ ᠨᠧᠲ

ᠰᠦᠨ ᠴᠦᠨ ᠯᠠᠨ ᠲᠦᠪ ᠤᠨ ᠲᠦᠯᠦᠭᠡᠯᠡᠬᠦ ᠪᠠᠭ ᠤᠨ ᠭᠤᠷᠪᠠᠲᠤᠭᠠᠷ ᠰᠠᠯᠪᠤᠷᠢ ᠪᠠᠭ ᠢ ᠲᠠᠭᠠᠭᠤᠯᠤᠨ ᠦᠬᠠᠢ ᠠᠯᠠᠱᠠ ᠳ᠋ᠤ ᠬᠦᠷᠴᠦ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-10 11:29

    ᠰᠢᠨᠬᠤᠧᠠ ᠬᠤᠷᠢᠶ᠎ᠠ   ᠦᠪᠦᠷ ᠮᠤᠩᠭᠤᠯ ᠤᠨ ᠪᠠᠶᠠᠨᠬᠤᠲᠠ ᠶᠢᠨ 8 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠶᠠᠩ ᠢ ᠵᠢᠶᠦ᠋ᠨ ) 9 ᠤ ᠡᠲᠦᠷ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠲᠦᠪ ᠤᠨ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠰᠦᠨ ᠴᠦᠨ ᠯᠠᠨ ᠲᠦᠪ ᠤᠨ ᠲᠦᠯᠦᠭᠡᠯᠡᠬᠦ ᠪᠠᠭ ᠤᠨ ᠭᠤᠷᠪᠠᠲᠤᠭᠠᠷ ᠰᠠᠯᠪᠤᠷᠢ ᠪᠠᠭ ᠢ ᠲᠠᠭᠠᠭᠤᠯᠤᠨ᠂ ᠰᠢ ᠵᠢᠨ ᠫᠢᠩ ᠶᠡᠷᠦᠩᠬᠡᠢ ᠱᠦᠵᠢ ᠪᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠬᠠᠯᠠᠭᠤᠨ ᠲᠤᠲᠤᠨᠤ ᠬᠠᠶᠢᠷ᠎ᠠ ᠬᠠᠯᠠᠮᠵᠢᠯᠠᠯ ᠪᠠ ᠤᠯᠤᠰ ᠲᠠᠶᠠᠭᠠᠷ ᠤᠨ ᠠᠷᠠᠳ ᠲᠦᠮᠡᠨ ᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠬᠠᠢ ᠬᠤᠲᠠ᠂ ᠠᠯᠠᠱᠠ ᠠᠶᠢᠮᠠᠭ ᠲᠤ ᠬᠦᠷᠴᠦ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠬᠠᠮᠲᠤ ᠪᠡᠷ ᠪᠡᠯᠭᠡᠯᠡᠪᠡ᠃

    9 ᠤ ᠡᠲᠦᠷ ᠤᠨ ᠦᠲᠡ ᠶᠢᠨ ᠡᠮᠦᠨ᠎ᠡ ᠰᠦᠨ ᠴᠦᠨ ᠯᠡᠨ ᠦᠬᠠᠢ ᠳ᠋ᠤ ᠬᠦᠷᠦᠮᠡᠭᠴᠡ᠂ ᠠᠵᠤ ᠠᠬᠤᠶᠢᠯᠠᠯ᠂ ᠡᠮᠨᠡᠯᠭᠡ ᠵᠡᠷᠭᠡ ᠪᠡᠷ ᠰᠢᠨᠵᠢᠯᠡᠨ ᠪᠤᠯᠭᠤᠭᠠᠨ ᠲᠤᠬᠤᠨᠢᠭᠤᠯᠪᠠ᠃ ᠲᠡᠷᠡᠪᠡᠷ ᠬᠠᠨ ᠰᠧᠨ ᠠᠷᠢᠬᠢᠨ ᠤ ᠦᠢᠯᠡᠰ ᠤᠨ ᠪᠦᠯᠦᠭᠯᠡᠯ  ᠤᠨ ᠦᠵᠦᠮ ᠲᠠᠷᠢᠵᠤ ᠤᠷᠭᠤᠭᠤᠯᠬᠤ ᠬᠦᠷᠢᠶᠡᠯᠡᠩ ᠳ᠋ᠤ ᠬᠦᠷᠴᠦ ᠦᠵᠦᠮ ᠤᠨ ᠠᠵᠤ ᠦᠢᠯᠡᠰ ᠢᠶᠡᠷ ᠤᠨᠤᠪᠴᠢᠲᠠᠢ ᠪᠡᠷ ᠶᠠᠲᠠᠭᠤ ᠶᠢ ᠲᠡᠳᠬᠦᠬᠦ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠠᠶᠠᠯᠠᠯ ᠵᠢᠭᠤᠯᠴᠢᠯᠠᠯ ᠤᠨ ᠦᠢᠯᠡᠰ ᠤᠨ ᠬᠦᠭᠵᠢᠯᠲᠠ ᠵᠡᠷᠭᠡ ᠪᠠᠶᠢᠲᠠᠯ ᠢ ᠤᠶᠢᠯᠠᠭᠠᠵᠤ᠂ ᠲᠠᠷᠢᠶᠠᠨ ᠠᠵᠢᠯ ᠪᠠᠨ ᠬᠢᠵᠦ ᠪᠠᠶᠢᠭᠰᠠᠨ ᠤᠯᠠᠨ ᠲᠦᠮᠡᠨ ᠲᠠᠢ ᠲᠤᠲᠤᠨᠤ ᠪᠡᠷ ᠶᠠᠷᠢᠯᠴᠠᠨ ᠲᠡᠲᠡᠨᠦᠰ ᠤᠨ ᠠᠵᠢᠯ ᠠᠮᠢᠲᠤᠷᠠᠯ ᠤᠨ ᠬᠢᠨᠢ ᠲᠤᠬᠠᠢ ᠤᠶᠢᠯᠠᠭᠠᠵᠤ᠂ ᠠᠵᠤ ᠠᠮᠢᠲᠤᠷᠠᠯ ᠨᠢ ᠡᠲᠦᠷ ᠡᠴᠡ ᠡᠲᠦᠷ ᠲᠡᠭᠵᠢᠷᠡᠬᠦ ᠶᠢ ᠬᠦᠰᠡᠨ ᠵᠦᠩᠨᠡᠪᠡ᠃ ᠦᠬᠠᠢ ᠬᠤᠲᠠ ᠶᠢᠨ ᠡᠬᠡ ᠨᠢᠯᠬᠠᠰ ᠤᠨ ᠡᠮᠴᠢᠯᠡᠭᠡ ᠡᠷᠡᠬᠦᠯᠵᠢᠯ ᠤᠨ ᠲᠦᠪ ᠲᠤ ᠰᠦᠨ ᠴᠦᠨ ᠯᠠᠨ ᠰᠢᠮ᠎ᠡ ᠲᠡᠵᠢᠭᠡᠯ ᠤᠨ ᠡᠭᠦᠲᠡᠨ ᠡᠮᠨᠡᠯᠭᠡ᠂ ᠬᠦᠲᠡᠯᠭᠡᠭᠡᠨ ᠤ ᠡᠭᠦᠲᠡᠨ ᠡᠮᠨᠡᠯᠭᠡ ᠪᠠ ᠨᠢᠷᠠᠢ ᠬᠡᠦᠬᠡᠳ ᠤᠨ ᠤᠮᠪᠠᠯᠲᠠ ᠶᠢᠨ ᠡᠮᠴᠢᠯᠡᠭᠡᠨ ᠤ ᠲᠠᠰᠤᠭ ᠢᠶᠡᠷ ᠬᠦᠷᠴᠦ᠂ ᠲᠤᠰ ᠲᠦᠪ ᠢ ᠰᠢᠨᠵᠢᠯᠡᠭᠡ ᠰᠤᠲᠤᠯᠭ᠎ᠠ ᠡᠮᠴᠢᠯᠡᠭᠡᠨ ᠤ ᠲᠦᠪᠰᠢᠨ ᠢᠶᠡᠨ ᠲᠠᠰᠤᠷᠠᠯᠲᠠ ᠦᠭᠡᠢ ᠲᠡᠭᠡᠭ᠍ᠰᠢᠯᠡᠬᠦᠯᠵᠦ᠂ ᠨᠡᠩ ᠤᠯᠠᠨ ᠭᠡᠷ ᠪᠦᠯᠢ ᠳ᠋ᠤ ᠡᠷᠡᠬᠦᠯ ᠮᠡᠨᠲᠦ ᠠᠵᠠ ᠪᠤᠶᠠᠨ ᠦᠢᠯᠡᠳᠬᠦ ᠶᠢ ᠬᠦᠰᠡᠨ ᠨᠡᠶᠢᠲᠡᠪᠡ᠃

    ᠰᠦᠨ ᠴᠦᠨ ᠯᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠦᠬᠠᠢ ᠬᠤᠲᠠ ᠶᠢᠨ ᠶᠠᠷᠢᠯᠴᠠᠬᠤ ᠬᠤᠷᠠᠯ ᠳ᠋ᠤ ᠤᠷᠤᠯᠴᠠᠨ᠂ ᠦᠬᠠᠢ ᠬᠤᠲᠠ ᠶᠢᠨ ᠬᠠᠷᠢᠭᠤᠴᠠᠯᠭᠠᠲᠠᠨ ᠨᠦᠬᠦᠳ ᠪᠠ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠲᠦᠯᠦᠭᠡᠯᠡᠭᠴᠢ ᠶᠢᠨ ᠦᠭᠡ ᠶᠢ ᠰᠤᠨᠤᠰᠴᠤ᠂ ᠦᠬᠠᠢ ᠬᠤᠲᠠ ᠶᠢᠨ ᠡᠯ᠎ᠡ ᠰᠠᠯᠪᠤᠷᠢ ᠤᠨᠴᠠᠭᠠᠶᠢᠯᠠᠨ ᠡᠳ᠋ ᠤᠨ ᠵᠠᠰᠠᠭ ᠤᠨ ᠬᠡᠯᠪᠡᠷᠢ ᠪᠠᠨ ᠬᠤᠪᠢᠷᠠᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠳ᠋ᠤ ᠤᠯᠤᠭᠰᠠᠨ ᠠᠮᠵᠢᠯᠲᠠ ᠶᠢ ᠨᠤᠲᠠᠯᠠᠪᠠ᠃ ᠰᠦᠨ ᠴᠦᠨ ᠯᠠᠨ᠂ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠲᠤᠤᠷᠠᠬᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠨᠢ ᠦᠪᠦᠷ ᠮᠤᠩᠭᠤᠯ ᠤᠨ ᠪᠤᠲᠠᠲᠤ ᠪᠠᠶᠢᠲᠠᠯ᠂ ᠮᠠᠨ ᠤ ᠤᠯᠤᠰ ᠤᠨ ᠤᠯᠤᠰ ᠤᠨ ᠪᠠᠶᠢᠲᠠᠯ ᠪᠠ ᠡᠯ᠎ᠡ ᠦᠨᠳᠦᠰᠦᠲᠡᠨ ᠤ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠪᠦᠷᠢᠮᠦᠰᠦᠨ ᠨᠡᠶᠢᠴᠡᠨ᠎ᠡ᠂ ᠠᠭᠤᠤ ᠶᠡᠬᠡ ᠪᠦᠲᠦᠭᠡᠯᠴᠢ ᠴᠢᠨᠠᠷ᠂ ᠯᠤᠲᠤ ᠶᠡᠬᠡ ᠲᠠᠪᠠᠭᠤᠯᠢᠭ ᠴᠢᠨᠠᠷ ᠪᠠ ᠬᠦᠴᠦᠷᠬᠡᠭ ᠶᠡᠬᠡ ᠠᠮᠢᠵᠢᠷᠠᠯ ᠤᠨ ᠬᠦᠴᠦᠨ ᠲᠠᠢ᠃ ᠨᠠᠮ ᠤᠨ ᠠᠷᠪᠠᠨ ᠨᠠᠶ᠋ᠮᠠᠲᠤᠭᠠᠷ ᠤᠲᠠᠭᠠᠨ ᠤ ᠶᠡᠬᠡ ᠬᠤᠷᠠᠯ ᠡᠴᠡ ᠨᠠᠰᠢ᠂ ᠰᠢ ᠵᠢᠨ ᠫᠢᠩ ᠨᠦᠬᠦᠷ ᠢᠶᠡᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠦᠨᠳᠦᠰᠦᠲᠡᠨ ᠤ ᠠᠵᠢᠯ ᠢ ᠲᠡᠭᠡᠳᠦ ᠬᠡᠮᠵᠢᠶ᠎ᠠ ᠪᠡᠷ ᠴᠢᠬᠤᠯᠠᠴᠢᠯᠠᠨ ᠦᠵᠡᠵᠦ᠂ ᠠᠯᠢ ᠤᠯᠠᠨ ᠴᠤᠪᠤᠷᠠᠯ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠠᠷᠭ᠎ᠠ ᠪᠠᠷᠢᠯ ᠲᠤᠷᠠᠲᠤᠨ᠂ ᠰᠢᠨ᠎ᠡ ᠪᠠᠶᠢᠲᠠᠯ ᠲᠤᠤᠷᠠᠬᠢ ᠴᠦᠬᠡᠨ ᠲᠤᠭᠠᠲᠤ ᠦᠨᠳᠦᠰᠦᠲᠡᠨ ᠪᠠ ᠦᠨᠳᠦᠰᠦᠲᠡᠨ ᠤ ᠤᠷᠤᠨ ᠤ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢᠨ ᠲᠦᠷᠦ ᠶᠢᠨ ᠪᠤᠲᠤᠯᠭ᠎ᠠ ᠴᠢᠭᠯᠡᠯᠲᠡ ᠪᠠᠶᠢᠯᠲᠤᠬᠤ ᠪᠤᠲᠤᠯᠭ᠎ᠠ ᠶᠢ ᠲᠤᠲᠤᠷᠬᠠᠶᠢᠯᠠᠪᠠ᠃ ᠰᠦᠨ ᠴᠦᠨ ᠯᠠᠨ ᠦᠬᠠᠢ ᠬᠤᠲᠠ ᠶᠢᠨ ᠬᠢᠨ ᠢ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠦᠷᠦ ᠪᠠᠷᠢᠬᠤ ᠰᠢᠨ᠎ᠡ ᠤᠶᠢᠯᠠᠭᠠᠭᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠶᠢ ᠰᠤᠷᠤᠯᠴᠠᠨ ᠲᠤᠤᠱᠯᠠᠭᠤᠯᠵᠤ᠂ 《ᠲᠦᠷᠪᠡᠨ ᠤᠬᠠᠮᠰᠠᠷ》 ᠢ ᠪᠠᠲᠤ ᠪᠤᠢ ᠪᠤᠯᠭᠠᠵᠤ᠂ ᠰᠢ ᠵᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠡᠷ ᠨᠠᠶᠢᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠦᠷᠭᠡᠳᠬᠡᠨ᠂ ᠢᠷᠭᠡᠳ ᠤᠨ ᠠᠮᠵᠢᠷᠠᠭ᠎ᠠ ᠶᠢ ᠰᠠᠶᠢᠵᠢᠷᠠᠭᠤᠯᠬᠤ ᠶᠢ ᠬᠦᠴᠦᠯᠡᠨ ᠴᠢᠩᠭ᠎ᠠ ᠠᠳᠬᠤᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢ ᠬᠦᠴᠦᠯᠡᠨ ᠴᠢᠩᠭ᠋᠋ᠠᠳᠬᠠᠵᠤ᠂ ᠦᠬᠠᠢ ᠪᠠᠨ ᠨᠡᠩ ᠰᠠᠶᠢᠨ ᠰᠠᠶᠢᠬᠠᠨ ᠪᠦᠲᠦᠭᠡᠨ ᠪᠠᠶᠢᠭᠤᠯᠵᠤ᠂ ᠰᠢᠯᠢᠲᠡᠭ ᠠᠮᠵᠢᠯᠲᠠ ᠪᠡᠷ ᠶᠢᠡᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠠᠮᠵᠢᠯᠲᠠ ᠲᠠᠢ ᠬᠤᠷᠠᠯᠲᠤᠬᠤ ᠶᠢ ᠤᠭᠲᠤᠬᠤ ᠬᠡᠷᠡᠭᠲᠡᠢ ᠭᠡᠵᠦ ᠬᠦᠰᠡᠨ ᠨᠠᠶᠢᠲᠠᠪᠠ᠃

    ᠦᠲᠡ ᠶᠢᠨ ᠬᠤᠶᠢᠨ᠎ᠠ ᠰᠦᠨ ᠴᠦᠨ ᠯᠠᠨ ᠬᠠᠲᠤᠨ ᠭᠤᠤᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠢᠨᠵᠧᠨ᠋᠋ᠧᠷᠢᠩ ᠳ᠋ᠤ ᠬᠦᠷᠴᠦ᠂ ᠢᠨᠵᠧᠨ᠋᠋ᠧᠷᠢᠩ ᠤᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ᠂ ᠠᠮᠢ ᠠᠬᠤᠢ ᠶᠢᠨ ᠰᠠᠶᠢᠵᠢᠷᠠᠯᠲᠠ᠂ ᠴᠠᠬᠢᠯᠭᠠᠨ ᠭᠠᠷᠭᠠᠬᠤ᠂ ᠠᠶᠠᠯᠠᠯ ᠵᠢᠭᠤᠯᠴᠢᠯᠠᠯ ᠵᠡᠷᠭᠡ ᠪᠠᠶᠢᠲᠠᠯ ᠲᠠᠢ ᠲᠠᠨᠢᠯᠴᠠᠪᠠ᠃ ᠳ᠋ᠦᠩ ᠶᠤᠧᠠᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠬᠢᠵᠠᠭᠠᠷᠲᠤ ᠺᠤᠮᠫᠠᠨᠢ ᠳ᠋ᠤ ᠰᠦᠨ ᠴᠦᠨ ᠯᠠᠨ ᠡᠮᠦᠨ᠎ᠡ ᠹᠷᠤᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠠᠵᠢᠯᠲᠠᠳ ᠢ ᠪᠠᠶ᠎ᠠ ᠲᠠᠭᠠᠭᠠᠨ ᠰᠢᠨ᠎ᠡ ᠶᠢ ᠡᠭᠦᠳᠴᠦ ᠰᠢᠨ᠎ᠡ ᠠᠮᠵᠢᠯᠲᠠ ᠭᠠᠷᠭᠠᠬᠤ ᠶᠢ ᠵᠤᠷᠢᠭᠵᠢᠭᠤᠯᠪᠠ᠃

    ᠦᠬᠠᠢ ᠬᠤᠲᠠ ᠡᠴᠡ ᠭᠠᠷᠤᠭᠠᠳ ᠰᠦᠨ ᠴᠦᠨ ᠯᠠᠨ ᠠᠯᠠᠱᠠ ᠠᠶᠢᠮᠠᠭ ᠲᠤ ᠪᠤᠯᠭᠤᠭᠠᠨ ᠲᠤᠬᠤᠨᠢᠭᠤᠯᠬᠤ ᠪᠡᠷ ᠬᠦᠷᠪᠡ᠂ ᠠᠯᠠᠱᠠ ᠠᠶᠢᠮᠠᠭ ᠤᠨ ᠠᠵᠤ ᠠᠬᠤᠢ ᠨᠡᠬᠡᠬᠡᠯᠲᠡ ᠶᠢᠨ ᠲᠤᠭᠤᠷᠢᠭ ᠲᠤ ᠬᠦᠷᠴᠦ ᠲᠤᠮᠲᠠᠲᠤ ᠤᠯᠤᠰ ᠤᠨ ᠲᠠᠪᠤᠰᠤᠨ ᠤ ᠵᠢᠷᠠᠲᠠᠢ ᠲᠠᠪᠤᠰᠤᠵᠢᠯᠲᠠ ᠶᠢᠨ ᠪᠦᠯᠦᠭᠯᠡᠯ ᠢᠶᠡᠷ ᠲᠤᠭᠤᠷᠢᠨ ᠪᠠᠶᠢᠴᠠᠭᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121462380