蒙古文网站Logo
ᠰᠢᠨᠬᠤᠸᠠ ᠮᠤᠩᠭ᠋ᠤᠯ ᠨᠧᠲ

ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠲᠦᠭᠡᠷ ᠰᠠᠯᠪᠤᠷᠢ ᠪᠠᠭ ᠢ ᠲᠠᠭᠠᠭᠤᠯᠤᠨ ᠪᠠᠶᠠᠨᠨᠠᠭᠤᠷ ᠤᠨ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-10 11:29

    ᠰᠢᠨᠬᠤᠧᠠ ᠬᠤᠷᠢᠶ᠎ᠠ   ᠦᠪᠦᠷ ᠮᠤᠩᠭᠤᠯ ᠤᠨ ᠪᠠᠶᠠᠨᠨᠠᠭᠤᠷ ᠤᠨ 8 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠦ ᠢ ᠳ᠋ᠧ ) 9 ᠤ ᠡᠲᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠨᠭᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠲᠦᠭᠡᠷ ᠰᠠᠯᠪᠤᠷᠢ ᠪᠠᠭ ᠢ ᠲᠠᠭᠠᠭᠤᠯᠤᠨ ᠰᠢ ᠵᠢᠨ ᠫᠢᠩ ᠶᠡᠷᠦᠩᠬᠡᠢ ᠱᠦᠵᠢ ᠪᠡᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠬᠠᠯᠠᠭᠤᠨ ᠲᠤᠲᠤᠨᠤ ᠬᠠᠶᠢᠷ᠎ᠠ ᠬᠠᠯᠠᠮᠵᠢᠯᠠᠯ ᠪᠠ ᠤᠯᠤᠰ ᠲᠠᠶᠠᠭᠠᠷ ᠤᠨ ᠠᠷᠠᠳ ᠲᠦᠮᠡᠨ ᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠠᠪᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠬᠤᠷ ᠬᠤᠲᠠ ᠳ᠋ᠤ ᠬᠦᠷᠴᠦ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠲᠤᠬᠤᠨᠢᠭᠤᠯᠪᠠ᠃

    9 ᠤ ᠡᠲᠦᠷ ᠤᠨ ᠦᠲᠡ ᠶᠢᠨ ᠡᠮᠦᠨ᠎ᠡ᠂ ᠵᠠᠩ ᠫᠢᠩ ᠨᠠᠷ ᠹᠦᠴᠤᠧᠠᠨ ᠤᠲᠤᠬᠢᠴᠢᠯᠠᠭᠰᠠᠨ ᠮᠢᠬᠠᠨ ᠤ ᠬᠤᠨᠢᠨ ᠤ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠬᠦᠷᠢᠶᠡᠯᠡᠩ ᠳ᠋ᠤ ᠬᠦᠷᠴᠦ᠂ ᠬᠦᠷᠢᠶᠡᠯᠡᠩ ᠤᠨ ᠪᠠᠶᠢᠲᠠᠯ ᠪᠠ ᠲᠡᠵᠢᠭᠡᠨ ᠦᠷᠡᠵᠢᠬᠦᠯᠬᠦ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠲᠠᠴᠠ ᠶᠢᠨ ᠲᠤᠬᠠᠢ ᠨᠠᠷᠢᠯᠢᠭ ᠤᠶᠢᠯᠭᠠᠵᠤ᠂ ᠲᠤᠰ ᠬᠦᠷᠢᠶᠡᠯᠡᠩ ᠢ ᠲᠠᠭᠠᠭᠤᠯᠤᠭᠴᠢ ᠠᠵᠤ ᠠᠬᠤᠶᠢᠯᠠᠯ ᠤᠨ ᠦᠶᠯᠡᠲᠦᠯ ᠢᠶᠡᠨ ᠭᠦᠢᠴᠡᠳ ᠪᠠᠲᠠᠷᠠᠭᠤᠯᠵᠤ᠂ ᠨᠡᠩ ᠤᠯᠠᠨ ᠲᠡᠵᠢᠭᠡᠨ ᠦᠷᠡᠵᠢᠬᠦᠯᠬᠦ ᠡᠷᠦᠬᠡ ᠶᠢ ᠲᠠᠭᠠᠭᠤᠯᠤᠨ ᠪᠠᠶᠠᠵᠢᠯ ᠴᠢᠨᠡᠭᠡᠯᠢᠭᠵᠢᠯ ᠤᠨ ᠵᠠᠮ ᠢᠶᠡᠷ ᠵᠠᠮᠨᠠᠬᠤ ᠶᠢ ᠬᠦᠰᠡᠪᠡ᠃ ᠪᠠᠶᠠᠨᠨᠠᠭᠤᠷ ᠬᠤᠲᠠ ᠶᠢᠨ ᠤᠲᠤᠬᠢᠴᠢᠯᠠᠭᠰᠠᠨ ᠮᠠᠯ ᠲᠠᠷᠢᠶᠠᠯᠠᠩ ᠤᠨ ᠦᠵᠡᠬᠦᠯᠦᠯᠭᠡ ᠶᠢᠨ ᠤᠷᠲᠤᠨ ᠳ᠋ᠤ ᠵᠠᠩ ᠫᠢᠩ ᠲᠡᠯᠭᠡᠨ ᠦᠵᠡᠬᠦᠯᠦᠯᠭᠡ ᠳ᠋ᠤ ᠤᠷᠤᠯᠴᠠᠭᠰᠠᠨ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠨ᠂ ᠪᠠᠶᠠᠨᠨᠠᠭᠤᠷ ᠢ ᠮᠠᠯ ᠲᠠᠷᠢᠶᠠᠯᠠᠩ ᠤᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠬᠦᠯᠵᠦ᠂ ᠮᠠᠯ ᠲᠠᠷᠢᠶᠠᠯᠠᠩ ᠤᠨ ᠪᠦᠲᠦᠭᠡᠭ᠍ᠲᠡᠬᠦᠨ ᠤ ᠭᠦᠨᠵᠡᠭᠡᠢ ᠡᠳ᠋ᠰᠢᠯᠡᠬᠦᠯᠲᠡ ᠶᠢ ᠶᠡᠬᠡ ᠬᠦᠴᠦᠨ ᠢᠶᠡᠷ ᠬᠦᠭ᠍ᠵᠢᠬᠦᠯᠵᠦ᠂ ᠨᠢᠭᠡᠲᠦᠭᠡᠷ ᠬᠤᠶᠠᠲᠤᠭᠠᠷ ᠭᠤᠷᠪᠠᠲᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭ᠍ᠵᠢᠬᠦᠯᠬᠦ ᠶᠢ ᠨᠠᠶᠢᠲᠠᠪᠠ᠃

    9 ᠤ ᠡᠲᠦᠷ ᠤᠨ ᠦᠲᠡ ᠶᠢᠨ ᠬᠤᠶᠢᠨ᠎ᠠ᠂ ᠲᠦᠯᠦᠭᠡᠯᠡᠬᠦ ᠪᠠᠭ ᠤᠨ ᠬᠢᠨ ᠲᠤᠬᠠᠢ ᠶᠢᠨ ᠤᠷᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢ ᠲᠠᠢ ᠠᠭᠤᠯᠵᠠᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢᠨ ᠪᠠᠶᠠᠨᠨᠠᠭᠤᠷ ᠬᠤᠲᠠ ᠶᠢᠨ ᠶᠠᠷᠢᠯᠴᠠᠬᠤ ᠬᠤᠷᠠᠯ ᠳ᠋ᠤ ᠤᠷᠤᠯᠴᠠᠪᠠ᠃ ᠵᠠᠩ ᠫᠢᠩ ᠶᠠᠷᠢᠶᠠᠨ ᠳ᠋ᠠᠭᠠᠨ ᠪᠠᠶᠠᠨᠨᠠᠭᠤᠷ ᠬᠤᠲᠠ ᠶᠢᠨ ᠡᠯ᠎ᠡ ᠰᠠᠯᠪᠤᠷᠢ ᠶᠢᠨ ᠠᠵᠢᠯ ᠦᠢᠯᠡᠰ ᠤᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠲᠤᠬᠠᠢ ᠶᠢᠨ ᠤᠷᠤᠨ ᠤ ᠺᠠᠳ᠋ᠷ ᠤᠯᠠᠨ ᠲᠦᠮᠡᠨ ᠢ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠤᠯᠤᠰ ᠢ ᠵᠠᠰᠠᠵᠤ ᠲᠥᠷᠦ ᠪᠠᠷᠢᠬᠤ ᠰᠢᠨ᠎ᠡ ᠤᠶᠢᠯᠠᠭᠠᠭᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠲᠤᠬᠤ ᠪᠤᠲᠤᠯᠭ᠎ᠠ ᠶᠢ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠡᠷ ᠨᠠᠶᠢᠲᠠᠪᠤᠷᠢᠵᠢᠭᠤᠯᠵᠤ᠂ ᠰᠠᠬᠢᠨ ᠲᠡᠮᠨᠡᠯᠴᠡᠵᠦ᠂ ᠬᠠᠮᠲᠤ ᠪᠡᠷ ᠪᠦᠯᠬᠦᠮᠲᠡᠨ ᠲᠠᠪᠰᠢᠵᠤ᠂ ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠠᠮᠵᠢᠯᠲᠠ ᠲᠠᠢ ᠬᠤᠷᠠᠯᠲᠤᠬᠤ ᠶᠢ ᠤᠭᠲᠤᠬᠤ ᠬᠡᠷᠡᠭᠲᠡᠢ ᠭᠡᠵᠡᠢ᠃

    ᠲᠠᠷᠠᠭ᠎ᠠ ᠪᠡᠷ ᠨᠢ ᠵᠠᠩ ᠫᠢᠩ ᠨᠠᠷ ᠬᠤᠶᠠᠷ ᠪᠤᠭᠳᠠ ᠠᠭᠤᠯᠠ ᠪᠠᠯᠭᠠᠰᠤ ᠶᠢᠨ ᠹᠦ᠋ ᠴᠢᠶᠠᠩ ᠲᠤᠰᠬᠤᠨ ᠳ᠋ᠤ ᠬᠦᠷᠴᠦ᠂ ᠲᠤᠰᠬᠤᠨ ᠤ ᠲᠡᠦᠬᠡ ᠶᠢᠨ ᠤᠷᠲᠤᠨ ᠢ ᠰᠢᠨᠵᠢᠯᠡᠨ᠂ ᠲᠤᠰᠬᠤᠨ ᠤ ᠠᠷᠠᠳ ᠢᠶᠡᠨ ᠪᠠᠶᠠᠵᠢᠨ ᠴᠢᠨᠡᠭᠡᠯᠢᠭᠵᠢᠯ ᠤᠨ ᠵᠠᠮ ᠢᠶᠡᠷ ᠲᠠᠭᠠᠭᠤᠯᠤᠭᠴᠢ ᠪᠠᠢ ᠠᠢ ᠰᠢ ᠶᠢᠨ ᠭᠡᠷ ᠲᠤᠨᠢ ᠬᠦᠷᠴᠦ ᠪᠤᠯᠭᠤᠭᠠᠨ ᠲᠤᠬᠤᠨᠢᠭᠤᠯᠪᠠ᠃ ᠲᠡᠬᠦᠨ ᠤ ᠡᠷᠬᠢᠯᠡᠭᠰᠡᠨ ᠬᠦᠲᠡᠭᠡ ᠠᠶᠢᠯ ᠤᠨ ᠠᠮᠠᠷᠠᠯᠲᠠ ᠶᠢᠨ ᠪᠠᠽ᠋ ᠤᠨ ᠤᠷᠤᠯᠭ᠎ᠠ 20 ᠲᠦᠮᠡᠨ ᠲᠦᠭᠦᠷᠢᠭ ᠬᠦᠷᠴᠦ ᠪᠠᠶᠢᠬᠤ ᠶᠢ ᠰᠤᠨᠤᠰᠤᠭᠠᠳ ᠵᠠᠩ ᠫᠢᠩ ᠤᠯᠠᠨ ᠲᠦᠮᠡᠨ ᠢ ᠠᠷᠠᠳ ᠲᠦᠮᠡᠨ ᠤ ᠬᠡᠷᠡᠭᠯᠡᠭᠡᠨ ᠤ ᠰᠢᠨ᠎ᠡ ᠱᠠᠭᠠᠷᠲᠠᠯᠭ᠎ᠠ ᠳ᠋ᠤ ᠵᠤᠬᠢᠴᠠᠭᠤᠯᠵᠤ ᠪᠠᠶᠠᠵᠢᠯ ᠴᠢᠨᠡᠭᠡᠯᠢᠭᠵᠢᠯ ᠤᠨ ᠰᠢᠨ᠎ᠡ ᠵᠠᠮ ᠨᠡᠬᠡᠬᠡᠵᠦ᠂ ᠲᠠᠷᠢᠶᠠᠴᠢᠳ ᠢ ᠪᠠᠶᠠᠵᠢᠭᠤᠯᠤᠨ᠂ ᠬᠦᠲᠡᠭᠡ ᠲᠤᠰᠬᠤᠨ ᠢᠶᠡᠨ ᠬᠦᠭ᠍ᠵᠢᠬᠦᠯᠵᠤ᠂ ᠭᠡᠷ ᠨᠤᠲᠤᠭ ᠢᠶᠡᠨ ᠨᠡᠩ ᠭᠤᠶᠤ ᠦᠵᠡᠰᠬᠦᠯᠡᠩ ᠪᠦᠲᠦᠭᠡᠨ ᠪᠠᠶᠢᠭᠤᠯᠬᠤ ᠶᠢ ᠵᠤᠷᠢᠭᠵᠢᠭᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121462405