蒙古文网站Logo
ᠰᠢᠨᠬᠤᠸᠠ ᠮᠤᠩᠭ᠋ᠤᠯ ᠨᠧᠲ

ᠢᠤᠢ ᠵᠧᠩ ᠱᠧᠩ ᠲᠦᠪ ᠤᠨ ᠲᠦᠯᠦᠭᠡᠯᠡᠬᠦ ᠪᠠᠭ ᠤᠨ ᠨᠢᠭᠡᠲᠦᠭᠡᠷ ᠰᠠᠯᠪᠤᠷᠢ ᠪᠠᠭ ᠢ ᠲᠠᠭᠠᠭᠤᠯᠣᠨ ᠪᠤᠭᠤᠳᠤ ᠳᠤ ᠬᠦᠷᠴᠤ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-11 09:48

    ᠰᠢᠨᠬᠤᠧᠠ ᠬᠤᠷᠢᠶ᠎ᠠ   ᠦᠪᠦᠷ ᠮᠤᠩᠭᠤᠯ ᠤᠨ ᠪᠤᠭᠤᠳᠤ ᠶᠢᠨ 8 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠶᠠᠩ ᠸᠧᠢ ᠬᠠᠨ᠂ ᠷᠦᠩ ᠴᠢ ᠬᠠᠨ)《ᠲᠠᠯ᠎ᠠ ᠨᠤᠳᠤᠭ ᠤᠨ ᠪᠤᠯᠤᠳ ᠤᠨ ᠬᠤᠳᠠ》ᠪᠤᠭᠤᠳᠤ ᠳᠤ ᠨᠠᠷᠡ ᠲᠤᠶᠠᠭᠠᠷᠠᠵᠦ᠂ ᠵᠦᠭᠡᠯᠡᠨ ᠰᠠᠯᠬᠢᠨ ᠠᠶᠠᠷᠬᠠᠨ ᠰᠡᠪᠢᠯᠵᠡᠨ᠎ᠠ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠢᠢᠡᠭᠭᠤ ᠵᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠵᠢᠨ ᠵᠦᠪᠯᠡᠯᠭᠡᠨ ᠤ ᠲᠡᠷᠢᠭᠦᠯᠡᠭᠴᠢ᠋᠂ ᠲᠦᠪ ᠤᠨ ᠲᠦᠯᠦᠭᠡᠯᠡᠬᠦ ᠪᠠᠭ ᠤᠨ ᠲᠠᠷᠤᠭ᠎ᠠ ᠢᠤᠢ ᠵᠧᠩ ᠱᠧᠩ ᠲᠦᠪ ᠤᠨ ᠲᠦᠯᠦᠭᠡᠯᠡᠬᠦ ᠪᠠᠭ ᠤᠨ ᠨᠢᠭᠡᠳᠦᠭᠡᠷ ᠰᠠᠯᠪᠤᠷᠢ ᠪᠠᠭ ᠢ ᠲᠠᠭᠠᠭᠤᠯᠤᠨ ᠪᠤᠭᠤᠳᠤ ᠬᠤᠳᠠ ᠳᠤ ᠬᠦᠷᠴᠦ᠂ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠵᠤ᠂ ᠰᠢ᠋ ᠵᠢᠨ ᠫᠢᠡᠭ ᠨᠦᠭᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢ ᠪᠠ ᠪᠦᠭᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠴᠢᠡᠭ ᠰᠡᠳᠭᠢᠯ ᠤᠨ ᠵᠦᠡᠭᠨᠡᠯ ᠢ ᠬᠦᠷᠭᠡᠵᠦ᠂ ᠤᠯᠠᠨ ᠲᠠᠢ᠋ ᠬᠠᠮᠳᠤᠪᠠᠷ ᠦᠪᠤᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ᠋ ᠵᠢ᠋ ᠪᠡᠯᠭᠡᠯᠡᠪᠡ᠃

    ᠰᠢᠨ᠎ᠠ ᠲᠤᠮᠳᠠᠳᠤ ᠤᠯᠤᠰ ᠤᠨ ᠦᠨᠳᠦᠰᠦᠳᠡᠨ ᠤ ᠭᠠᠵᠠᠷ ᠤᠷᠤᠨ ᠳᠤ ᠪᠠᠢᠢᠭᠤᠯᠤᠬᠰᠠᠨ ᠠᠡᠭᠬᠠᠳᠠᠭᠴᠢ᠋ ᠲᠤᠮᠤ ᠬᠡᠯᠪᠡᠷᠢ᠋ ᠵᠢᠨ ᠪᠤᠯᠤᠳ ᠲᠡᠮᠤᠷ ᠤᠨ ᠠᠵᠦ ᠠᠬᠤᠢᠢᠯᠠᠯ ᠪᠤᠭᠤᠳᠤ ᠵᠢᠨ ᠪᠤᠯᠤᠳ ᠲᠡᠮᠤᠷ ᠤᠨ ᠪᠦᠯᠦᠭᠯᠡᠯ ᠺᠤᠮᠫᠠᠨᠢ᠋ 60 ᠭᠠᠷᠤᠢ᠋ ᠵᠢᠯ ᠤᠨ ᠬᠦᠭᠵᠢᠯᠳᠠ ᠵᠢ᠋ ᠳᠠᠮᠵᠢᠭᠠᠳ᠂ ᠨᠢᠭᠡᠨᠳᠡ ᠦᠪᠤᠷ ᠮᠤᠡᠭᠭᠤᠯ ᠤᠨ ᠠᠵᠦ ᠦᠢᠯᠡᠳᠪᠤᠷᠢ᠋ ᠵᠢᠨ ᠲᠠᠭᠠᠭᠤᠯᠤᠭᠴᠢ᠋ ᠠᠵᠤ ᠠᠬᠤᠢᠢᠯᠠᠯ ᠪᠤᠯᠵᠠᠢ᠋᠃ 10 ᠤ ᠦᠳᠡ ᠵᠢᠨ ᠡᠮᠦᠨ᠎ᠠ᠂ ᠢᠤᠢ ᠵᠧᠩ ᠱᠧᠩ ᠨᠠᠷ ᠲᠤᠰ ᠺᠤᠮᠫᠠᠨᠢ᠋ ᠵᠢᠨ ᠬᠤᠪᠤᠷ ᠰᠢᠷᠤᠢᠢᠳᠤ ᠪᠤᠯᠤᠳ ᠬᠠᠪᠳᠠᠰᠦ ᠵᠢᠨ ᠮᠠᠲ᠋ᠧᠷᠢᠶᠠᠯ ᠤᠨ ᠦᠢᠯᠡᠳᠪᠤᠷᠢ᠋ ᠳᠤ ᠬᠦᠷᠴᠦ᠂ ᠦᠢᠯᠡᠳᠪᠤᠷᠢ᠋ ᠵᠢᠨ ᠲᠠᠰᠤᠬ ᠤᠨ ᠦᠢᠯᠡᠳᠪᠤᠷᠢᠯᠡᠯ ᠤᠨ ᠱᠤᠭᠤᠮ ᠵᠢᠡᠷ ᠲᠤᠭᠤᠷᠢᠨ ᠪᠠᠢᠢᠴᠠᠭᠠᠵᠦ᠂ ᠡᠮᠦᠨ᠎ᠠ ᠹᠷᠤᠨᠲ ᠤᠨ ᠠᠵᠢᠯᠳᠠᠨ ᠠᠵᠢᠯᠴᠢᠨ ᠪᠠ ᠬᠦᠳᠡᠯᠮᠦᠷᠢ᠋ ᠵᠢᠨ ᠵᠢᠱᠢᠶᠡᠴᠢ᠋ ᠶᠢᠨ ᠲᠦᠯᠦᠭᠡᠯᠡᠭᠴᠢᠳ ᠲᠠᠢ᠋ ᠲᠤᠳᠤᠨᠤ ᠪᠡᠷ ᠶᠠᠷᠢᠯᠴᠠᠪᠠ᠃ ᠲᠡᠷᠡ᠂ ᠤᠯᠠᠨ ᠵᠢᠡᠷ ᠵᠢᠡᠨ ᠰᠢᠨᠳᠠᠷᠠᠰᠢ᠋ ᠦᠭᠡᠢ᠋ ᠲᠠᠮᠠᠴᠡᠬᠦ᠂ ᠲᠡᠷᠢᠭᠦᠨ ᠢ ᠬᠦᠭᠡᠭᠡᠴᠡᠯᠳᠦᠭᠦ ᠵᠤᠷᠢᠭ ᠰᠠᠨᠠᠭ᠎ᠠ ᠵᠢ᠋ ᠵᠠᠯᠭᠠᠮᠵᠢᠯᠠᠨ ᠪᠠᠳᠠᠷᠠᠭᠤᠯᠵᠦ᠂ ᠠᠵᠢᠯ ᠤᠨ ᠪᠠᠢᠢᠷᠢ᠋ ᠪᠠᠨ ᠬᠠᠢᠢᠷᠠᠯᠠᠨ ᠦᠢᠯᠡᠰ ᠵᠢᠡᠨ ᠲᠡᠭᠡᠳᠤᠯᠡᠵᠦ᠂ ᠮᠡᠷᠠᠢᠢᠨ ᠲᠡᠮᠡᠴᠡᠵᠦ᠂ ᠰᠢᠨ᠎ᠠ ᠮᠡᠳᠡᠯᠭᠡ ᠵᠢ᠋ ᠴᠢᠷᠮᠠᠢᠢᠨ ᠰᠤᠷᠤᠯᠴᠠᠨ᠂ ᠰᠢᠨ᠎ᠠ ᠲᠧᠭᠨᠤᠯᠤᠬᠢ ᠶᠢ ᠴᠢᠷᠮᠠᠢᠢᠨ ᠡᠵᠡᠮᠰᠢᠵᠦ᠂ ᠰᠢᠨ᠎ᠠ ᠴᠢᠳᠠᠪᠤᠷᠢ᠋ ᠪᠠᠨ ᠴᠢᠷᠮᠠᠢᠢᠨ ᠳᠡᠭᠡᠭᠰᠢᠯᠡᠭᠦᠯᠵᠦ᠂ ᠠᠵᠦ ᠠᠬᠤᠢᠢᠯᠠᠯ ᠤᠨ ᠬᠦᠭᠵᠢᠯᠳᠠ ᠵᠢ᠋ ᠠᠬᠢᠭᠤᠯᠬᠤ᠂ ᠤᠯᠤᠰ ᠤᠨ ᠪᠦᠲᠦᠭᠡᠨ ᠪᠠᠢᠢᠭᠤᠯᠤᠯᠳᠠ ᠳᠤ ᠦᠢᠯᠡᠴᠢᠯᠡᠭᠦ ᠲᠤᠮᠳᠠ ᠲᠠᠬᠢᠨ ᠰᠢᠨ᠎ᠠ ᠭᠠᠪᠢᠶ᠎ᠠ ᠪᠠᠢᠢᠭᠤᠯᠤᠭᠠᠷᠠᠢ᠋ ᠭᠡᠵᠤ ᠵᠤᠷᠢᠬᠵᠢᠭᠤᠯᠪᠠ᠃

    ᠢᠤᠢ ᠵᠧᠩ ᠱᠧᠩ ᠪᠠᠰᠠ ᠪᠤᠭᠤᠳᠤ ᠵᠢᠨ ᠬᠤᠪᠤᠷ ᠰᠢᠷᠤᠢ᠋ ᠵᠢᠨ ᠰᠤᠳᠤᠯᠭᠠᠨ ᠤ ᠬᠦᠷᠢᠶᠠᠯᠠᠡᠭ ᠳᠤ ᠬᠦᠷᠴᠦ ᠬᠤᠪᠤᠷ ᠰᠢᠷᠤᠢ᠋ ᠵᠢᠨ ᠮᠡᠷᠭᠡᠵᠢᠯ ᠢ ᠰᠤᠳᠤᠯᠣᠨ ᠨᠡᠭᠡᠭᠡᠨ ᠬᠦᠭᠵᠢᠬᠦᠯᠵᠤ ᠪᠠᠢᠢᠭ᠎ᠠ ᠪᠠᠢᠢᠳᠠᠯ ᠢ ᠰᠢᠨᠵᠢᠯᠠᠨ ᠪᠠᠢᠢᠴᠠᠭᠠᠵᠦ᠂ ᠰᠢᠨᠵᠢᠯᠡᠭᠦ ᠤᠬᠠᠭᠠᠨ ᠤ ᠰᠤᠳᠤᠯᠭᠠᠨ ᠤ ᠠᠵᠢᠯᠳᠠᠳ ᠢ ᠲᠤᠬᠤᠨᠢᠭᠤᠯᠪᠠ᠃ ᠬᠤᠪᠤᠷ ᠰᠢᠷᠤᠢ᠋ ᠵᠢᠨ ᠦᠵᠡᠰᠭᠦᠯᠡᠩ ᠤᠨ ᠤᠷᠳᠤᠨ ᠪᠠ ᠬᠤᠪᠤᠷ ᠰᠢᠷᠤᠢ᠋ ᠵᠢᠨ ᠮᠠᠲ᠋ᠧᠷᠢᠶᠠᠯ ᠤᠨ ᠵᠠᠪᠰᠠᠷ ᠤᠨ ᠳᠣᠷᠰᠢᠯᠳᠠ ᠵᠢᠨ ᠰᠠᠭᠤᠷᠢᠨ ᠳᠤ᠂ ᠲᠤᠰ ᠬᠦᠷᠢᠶᠠᠯᠠᠡᠭ ᠤᠨ ᠤᠯᠠᠨ ᠵᠦᠢᠯ ᠤᠨ ᠰᠢᠨᠵᠢᠯᠡᠬᠦ ᠣᠬᠠᠭᠠᠨ ᠦ ᠰᠤᠳᠤᠯᠭᠠᠨ ᠤ ᠦᠷ᠎ᠠ ᠪᠦᠲᠦᠭᠡᠯ ᠲᠡᠯᠡᠭᠡᠢ᠋ ᠵᠢᠨ ᠲᠡᠷᠢᠬᠦᠨ ᠤ ᠲᠦᠪᠰᠢᠨ ᠳᠤ ᠬᠦᠷᠴᠦ ᠪᠠᠢᠢᠭ᠎ᠠ ᠵᠢ᠋ ᠰᠤᠨᠤᠰᠤᠭᠠᠳ ᠢᠤᠢ ᠵᠧᠩ ᠱᠧᠩ ᠮᠠᠰᠢ᠋ ᠪᠠᠶᠠᠷᠯᠠᠪᠠ᠃ ᠲᠡᠷᠡ ᠰᠤᠳᠤᠯᠭᠠᠨ ᠤ ᠬᠦᠷᠢᠶᠠᠯᠠᠡᠭ ᠢ ᠶᠡᠷᠦᠡᠭᠭᠡᠢᠢᠯᠡᠭᠰᠡᠨ ᠴᠢᠨᠠᠷᠳᠠᠢ᠋ ᠰᠤᠳᠤᠯᠣᠨ ᠨᠡᠭᠡᠭᠡᠨ ᠬᠦᠭᠵᠢᠬᠦᠯᠬᠦ ᠪᠠᠢᠢᠭᠤᠯᠤᠮᠵᠢ᠋ ᠵᠢᠨ ᠲᠠᠪᠠᠭᠤᠯᠢᠭ ᠵᠢᠡᠨ ᠭᠦᠢᠴᠡᠳ ᠪᠠᠳᠠᠷᠠᠭᠤᠯᠵᠦ᠂ ᠵᠠᠡᠭᠭᠢᠯᠠᠭ᠎ᠠ ᠵᠢᠨ ᠲᠧᠭᠨᠤᠯᠤᠬᠢ ᠪᠠ ᠭᠤᠤᠯᠳᠠᠯᠭ᠎ᠠ ᠲᠠᠢ᠋ ᠬᠦᠷᠢᠶᠡᠨ ᠳᠤ ᠲᠦᠪᠯᠡᠷᠡᠭᠦᠯᠦᠨ ᠰᠢᠪᠳᠤᠯᠤᠯᠳᠠ ᠬᠢᠬᠦ ᠶᠢ᠋ ᠴᠢᠨᠠᠭᠰᠢᠳᠠ ᠴᠢᠡᠭᠭᠠᠳᠬᠠᠵᠤ᠂ ᠤᠯᠤᠰ ᠤᠨ ᠪᠠᠢᠢᠯᠳᠤᠬᠤ ᠪᠤᠳᠤᠯᠭ᠎ᠠ ᠵᠢᠨ ᠴᠢᠨᠠᠷᠳᠠᠢ᠋ ᠰᠢᠨ᠎ᠠ ᠪᠡᠷ ᠮᠠᠨᠳᠤᠵᠣ ᠪᠠᠢᠢᠭ᠎ᠠ ᠠᠵᠦ ᠦᠢᠯᠡᠰ ᠤᠨ ᠬᠦᠭᠵᠢᠯᠳᠠ ᠳᠤ ᠨᠡᠡᠭ ᠶᠡᠭᠡ ᠬᠤᠪᠢ ᠨᠡᠮᠡᠷᠢ᠋ ᠦᠵᠡᠬᠦᠯᠬᠦ ᠵᠢᠨ ᠬᠠᠮᠳᠣ᠂ ᠮᠠᠨ ᠤ ᠤᠯᠤᠰ ᠤᠨ ᠬᠤᠪᠤᠷ ᠰᠢᠷᠤᠢ᠋ ᠵᠢᠨ ᠠᠵᠦ ᠦᠢᠯᠡᠰ ᠤᠨ ᠬᠦᠭᠵᠢᠯᠳᠠ ᠳᠤ ᠨᠡᠡᠭ ᠤᠯᠠᠨ ᠦᠨᠳᠤᠷ ᠲᠦᠪᠰᠢᠨ ᠳᠠᠢ᠋ ᠴᠢᠳᠠᠪᠤᠷᠢᠳᠠᠨ ᠢ ᠬᠦᠮᠦᠵᠢᠭᠦᠯᠦᠨ ᠦᠭᠭᠦ ᠪᠡᠷ ᠴᠢᠷᠮᠠᠢᠢᠭᠠᠷᠠᠢ᠋ ᠭᠡᠵᠤ ᠬᠦᠰᠡᠪᠡ᠃

    ᠦᠪᠤᠷ ᠮᠤᠡᠭᠭᠤᠯ ᠤᠨ ᠨᠢᠭᠡᠲᠦᠭᠡᠷ ᠮᠠᠰᠢᠨ ᠮᠧᠬᠠᠨᠢᠭ ᠤᠨ ᠪᠦᠯᠦᠭᠯᠡᠯ ᠬᠢᠵᠠᠭᠠᠷᠳᠤ ᠺᠤᠮᠫᠠᠨᠢ᠋ ᠪᠤᠯ ᠦᠪᠡᠷᠳᠡᠭᠡᠨ ᠵᠠᠰᠠᠬᠤ ᠤᠷᠤᠨ ᠤ ᠬᠠᠮᠤᠭ ᠡᠴᠡ ᠳᠣᠮᠣ ᠵᠡᠪᠰᠡᠭ ᠲᠤᠨᠤᠬᠯᠠᠯ ᠦᠢᠯᠡᠳᠭᠦ ᠠᠵᠤ ᠠᠬᠤᠢᠢᠯᠠᠯ ᠪᠣᠯᠣᠨ᠎ᠠ᠂ ᠳᠠᠡᠭ ᠭᠠᠬᠴᠠ ᠬᠢᠨᠵᠢᠳᠤ ᠲᠡᠷᠭᠡ ᠦᠢᠯᠡᠳᠪᠤᠷᠢᠯᠡᠭᠦ ᠪᠡᠷ ᠭᠤᠤᠯ ᠪᠣᠯᠭᠠᠵᠣ ᠪᠠᠢᠢᠭᠰᠠᠨ ᠴᠡᠷᠢᠭ ᠤᠨ ᠠᠵᠦ ᠦᠢᠯᠡᠳᠪᠤᠷᠢ᠋ ᠵᠢᠨ ᠠᠵᠦ ᠠᠬᠤᠢᠢᠯᠠᠯ ᠡᠴᠡ ᠪᠠᠨ ᠤᠳᠤ ᠤᠳᠤᠭᠢᠴᠢᠯᠠᠬᠰᠠᠨ ᠴᠡᠷᠢᠭ ᠠᠷᠠᠳ ᠤᠨ ᠬᠡᠷᠡᠭᠯᠡᠭᠡ ᠵᠢ᠋ ᠤᠶᠠᠯᠳᠤᠭᠤᠯᠤᠬᠰᠠᠨ ᠬᠡᠯᠪᠡᠷᠢ᠋ ᠵᠢᠨ ᠮᠠᠰᠢᠨ ᠲᠡᠷᠭᠡ ᠦᠢᠯᠡᠳᠬᠦ ᠪᠦᠯᠦᠭᠯᠡᠯ ᠪᠤᠯᠵᠦ ᠬᠦᠭᠵᠢᠪᠠ᠃ ᠢᠤᠢ ᠵᠧᠩ ᠱᠧᠩ ᠦᠢᠯᠡᠳᠪᠤᠷᠢᠯᠡᠯ ᠤᠨ ᠲᠠᠰᠤᠬ ᠵᠢᠡᠷ ᠭᠦᠨᠵᠡᠭᠡᠢᠢᠷᠡᠨ ᠠᠵᠦ ᠠᠬᠤᠢᠢᠯᠠᠯ ᠤᠨ ᠬᠦᠭᠵᠢᠯᠳᠠ ᠵᠢᠨ ᠪᠠᠢᠢᠳᠠᠯ ᠢ ᠤᠢᠢᠯᠠᠭᠠᠵᠣ᠂ ᠲᠤᠰ ᠦᠢᠯᠡᠳᠪᠤᠷᠢ᠋ ᠵᠢᠨ ᠦᠢᠯᠡᠳᠪᠦᠷᠢᠯᠡᠭᠰᠡᠨ ᠲᠤᠮᠤ ᠬᠡᠯᠪᠡᠷᠢ᠋ ᠵᠢᠨ ᠵᠡᠪᠰᠡᠭ ᠲᠤᠨᠤᠬᠯᠠᠯ ᠢ ᠲᠤᠭᠤᠷᠢᠨ ᠦᠵᠡᠵᠦ᠂ ᠠᠵᠦ ᠠᠬᠤᠢᠢᠯᠠᠯ ᠤᠨ ᠺᠠᠳ᠋ᠷ ᠠᠵᠢᠯᠳᠠᠨ ᠢ ᠲᠤᠬᠤᠨᠢᠭᠤᠯᠤᠨ ᠰᠢᠯᠢᠳᠡᠭ ᠲᠧᠭᠨᠤᠯᠤᠬᠢ ᠶᠢᠨ ᠠᠵᠢᠯᠴᠢᠨ ᠤ ᠲᠦᠯᠦᠭᠡᠯᠡᠭᠴᠢᠳ ᠲᠠᠢ᠋ ᠲᠤᠳᠤᠨᠤ ᠪᠡᠷ ᠶᠠᠷᠢᠯᠴᠠᠪᠠ᠃ ᠲᠡᠷᠡ ᠤᠯᠠᠨ ᠢ ᠶᠡᠷᠦᠡᠭᠭᠡᠢ᠋ ᠴᠤᠬᠴᠠ ᠵᠢᠨ ᠤᠯᠤᠰ ᠤᠨ ᠠᠶᠤᠯᠬᠦᠢ ᠶᠢᠨ ᠦᠵᠡᠯᠳᠡ ᠵᠢ᠋ ᠲᠤᠤᠱᠯᠠᠭᠤᠯᠵᠦ᠂ ᠨᠠᠮ ᠤᠨ ᠰᠢᠨ᠎ᠠ ᠪᠠᠢᠢᠳᠠᠯ ᠲᠤᠤᠷᠠᠬᠢ ᠴᠡᠷᠢᠭ ᠢ ᠬᠦᠴᠦᠷᠭᠡᠭᠵᠢᠭᠦᠯᠭᠦ ᠬᠠᠷᠠᠯᠳᠠ ᠵᠢ᠋ ᠪᠠᠳᠣ ᠡᠵᠡᠮᠰᠢᠵᠤ᠂ ᠶᠠᠰᠤ ᠴᠢᠨᠠᠷ ᠢ ᠲᠡᠭᠡᠳᠤᠯᠠᠨ ᠪᠤᠳᠠᠳᠤ ᠪᠠᠢᠢᠯᠳᠤᠭᠠᠨ ᠤ ᠭᠡᠷᠡᠭᠯᠡᠭᠡ ᠵᠢ᠋ ᠪᠠᠷᠢᠮᠳᠠᠯᠠᠵᠦ᠂ ᠴᠡᠷᠢᠭ ᠠᠷᠠᠳ ᠤᠨ ᠬᠡᠷᠡᠭᠯᠡᠭᠡ ᠵᠢ᠋ ᠠᠭᠤᠰᠤᠯᠴᠠᠭᠣᠯᠣᠨ ᠬᠦᠨᠵᠡᠭᠡᠢ᠋ ᠬᠦᠭᠵᠢᠭᠦᠯᠬᠦ ᠵᠢ᠋ ᠪᠠᠷᠢᠮᠳᠠᠯᠠᠵᠦ᠂ ᠤᠯᠤᠰ ᠤᠨ ᠪᠦᠲᠦᠭᠡᠨ ᠪᠠᠢᠢᠭᠤᠯᠤᠯᠳᠠ ᠳᠤ ᠲᠠᠰᠤᠷᠠᠯᠳᠠ ᠦᠭᠡᠢ᠋ ᠰᠢᠨ᠎ᠠ ᠬᠤᠪᠢ ᠨᠡᠮᠡᠷᠢ᠋ ᠦᠵᠡᠬᠦᠯᠦᠭᠡᠷᠡᠢ᠋ ᠭᠡᠵᠦ ᠵᠤᠷᠢᠬᠵᠢᠭᠤᠯᠪᠠ᠃

    10 ᠤ ᠦᠳᠡ ᠵᠢᠨ ᠬᠤᠢᠢᠨ᠎ᠠ᠂ ᠢᠤᠢ ᠵᠧᠩ ᠱᠧᠩ ᠪᠤᠭᠤᠳᠤ ᠬᠤᠳᠠ ᠵᠢᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠳᠠᠢ ᠠᠭᠤᠯᠵᠠᠬᠰᠠᠨ ᠪᠦᠭᠡᠳ ᠦᠪᠤᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠨᠨ 70 ᠵᠢᠯ ᠤᠨ ᠤᠢ ᠵᠢ ᠪᠡᠯᠭᠡᠯᠡᠭᠦ ᠪᠤᠭᠤᠳᠤ ᠬᠤᠳᠠ ᠵᠢᠨ ᠶᠠᠷᠢᠯᠴᠠᠬᠤ ᠬᠤᠷᠠᠯ ᠳᠤ ᠤᠷᠤᠯᠴᠠᠪᠠ᠃ ᠺᠠᠳ᠋ᠷ ᠤᠯᠠᠨ ᠲᠦᠮᠡᠨ ᠤ ᠲᠦᠯᠦᠭᠡᠯᠡᠭᠴᠢ ᠵᠢᠨ ᠶᠠᠷᠢᠬᠤ ᠵᠢ ᠬᠢᠨᠠᠮᠠᠭᠠᠢ ᠰᠤᠨᠤᠰᠤᠭᠰᠠᠨ ᠤ ᠲᠠᠷᠠᠭ᠎ᠠ᠂ ᠢᠤᠢ ᠵᠧᠩ ᠱᠧᠩ ᠲᠤᠬᠠᠢ ᠵᠢᠨ ᠭᠠᠵᠠᠷ ᠤᠨ ᠬᠦᠭᠵᠢᠯᠳᠠ ᠵᠢᠨ ᠠᠮᠵᠢᠯᠳᠠ ᠪᠦᠳᠤᠮᠵᠢ ᠶᠢ ᠬᠦᠢᠴᠡᠳ ᠨᠤᠳᠠᠯᠠᠵᠠᠢ᠃ ᠳᠡᠷᠡ᠂ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠪᠡᠷ ᠰᠢᠨ᠎ᠠ ᠭᠠᠷᠤᠭ᠎ᠠ ᠪᠤᠯᠭᠠᠵᠦ᠂ ᠶᠡᠷᠦᠡᠭᠭᠡᠢ ᠱᠦᠵᠢ ᠰᠢ ᠵᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠲᠦᠷᠦ ᠵᠢ ᠵᠠᠰᠠᠵᠦ ᠵᠠᠰᠠᠭ ᠢ ᠡᠷᠬᠢᠯᠡᠭᠦ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠶᠡᠷᠦᠡᠭᠭᠡᠢ ᠱᠦᠵᠢ ᠰᠢ ᠵᠢᠨ ᠫᠢᠡᠭ ᠤᠨ《7•26》 ᠤ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠵᠦ᠂ ᠬᠠᠡᠭᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠳᠠᠢ ᠦᠭᠡᠷᠡᠴᠢᠯᠠᠯᠳᠠ ᠵᠢ ᠡᠷᠡᠰ ᠭᠤᠢᠢᠪᠢᠰᠢ ᠦᠭᠡᠢ ᠬᠦᠨᠵᠡᠭᠡᠢᠢᠷᠡᠭᠦᠯᠵᠦ᠂ ᠠᠷᠠᠳ ᠤᠨ ᠠᠮᠢᠳᠤᠷᠠᠯ ᠢ ᠪᠠᠳᠤᠯᠠᠨ ᠰᠠᠢᠢᠵᠢᠷᠠᠭᠤᠯᠬᠤ ᠵᠢ ᠴᠢᠬᠤᠯᠠᠴᠢᠯᠠᠵᠤ᠂ ᠠᠮᠢ ᠠᠬᠤᠢ ᠵᠢ ᠤᠷᠢᠳᠠᠪᠠᠷ ᠬᠦᠭᠵᠢᠭᠦᠯᠬᠦ ᠵᠢ ᠢᠮᠠᠭᠳᠠ ᠪᠠᠷᠢᠮᠳᠠᠯᠠᠵᠣ᠂ ᠦᠨᠳᠦᠰᠦᠳᠡᠨ ᠤ ᠠᠵᠢᠯ ᠢ ᠨᠠᠷᠢᠯᠢᠭ ᠰᠠᠢᠢᠳᠤᠷ ᠬᠢᠵᠦ᠂ ᠪᠦᠬᠦ ᠲᠠᠯ᠎ᠠ ᠪᠠᠷ ᠨᠠᠮ ᠢ ᠴᠢᠡᠭᠭ᠎ᠠ ᠬᠠᠮᠢᠶᠠᠷᠴᠤ ᠴᠢᠡᠭᠭ᠎ᠠ ᠵᠠᠰᠠᠬᠤ ᠵᠢ ᠰᠠᠢᠢᠳᠤᠷ ᠠᠳᠬᠤᠵᠦ᠂ ᠪᠤᠭᠤᠳᠤ ᠵᠢᠨ ᠰᠢᠨ᠎ᠠ ᠬᠡᠷᠡᠯ ᠰᠠᠴᠤᠷᠠᠡᠭᠭᠤᠢ ᠬᠠᠭᠤᠳᠠᠰᠦ ᠵᠢ ᠦᠷᠭᠦᠯᠵᠢᠯᠠᠨ ᠪᠢᠴᠢᠭᠯᠡᠵᠦ᠂ ᠨᠡᠡᠭ ᠵᠤᠯ ᠵᠢᠷᠭᠠᠯᠳᠠᠢ ᠰᠠᠢᠢᠨ ᠰᠠᠢᠢᠬᠠᠨ ᠢᠷᠡᠭᠡᠳᠦᠢ ᠵᠢ ᠴᠤᠬᠴᠠᠯᠠᠬᠤ ᠬᠡᠷᠡᠭᠳᠡᠢ ᠭᠡᠵᠦ ᠴᠢᠬᠤᠯᠠᠴᠢᠯᠠᠪᠠ᠃

    ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠸᠠᠩ ᠵᠧᠩ ᠸᠧᠢ᠂ ᠵᠠᠡᠭ ᠶᠠᠡᠭ ᠪᠤᠯᠤᠨ ᠲᠦᠪ ᠤᠨ ᠲᠦᠯᠦᠭᠡᠯᠡᠬᠦ ᠪᠠᠭ ᠤᠨ ᠬᠡᠰᠡᠭ ᠪᠦᠷᠢᠯᠳᠦᠭᠦᠨ ᠲᠡᠭᠡᠷᠡᠭᠢ ᠠᠵᠢᠯᠯᠠᠭ᠎ᠠ ᠳᠤ ᠤᠷᠤᠯᠴᠠᠵᠠᠢ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠡᠭᠭᠤ ᠵᠢᠨ ᠬᠤᠷᠢᠶ᠎ᠠ ᠵᠢᠨ ᠡᠷᠬᠢᠯᠡᠭᠴᠢ ᠯᠢ ᠵᠢᠢ ᠡᠾᠧᠩ᠂ ᠦᠪᠤᠷ ᠮᠤᠡᠭᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠸᠠᠩ ᠪᠢᠡᠭ ᠶᠤᠧᠠᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠡᠭᠭᠤ ᠵᠢᠨ ᠭᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠯᠦᠧᠧ ᠶᠦᠡᠭ ᠭᠠᠡᠭ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠳᠤᠭᠠᠳᠤ ᠵᠢ ᠬᠠᠮᠠᠭᠠᠯᠠᠬᠤ ᠲᠢᠡᠭᠭᠢᠮ ᠤᠨ ᠲᠠᠷᠤᠭ᠎ᠠ ᠮᠠ ᠮᠢᠡᠭ ᠪᠠᠷ᠎ᠠ ᠪᠤᠯᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠡᠭᠭᠤ ᠵᠢᠨ ᠭᠡᠰᠢᠭᠦᠨ᠂ ᠪᠤᠭᠤᠳᠤ ᠬᠤᠳᠠ ᠵᠢᠨ ᠨᠠᠮ ᠤᠨ ᠬᠤᠷᠢᠶ᠎ᠠ ᠵᠢᠨ ᠱᠦᠵᠢ ᠵᠠᠡᠭ ᠶᠤᠧᠠᠨ ᠵᠦᠡᠭ ᠶᠠᠷᠢᠯᠴᠠᠬᠤ ᠬᠤᠷᠠᠯ ᠲᠡᠭᠡᠷ᠎ᠠ ᠠᠵᠢᠯ ᠵᠢᠡᠨ ᠬᠠᠷᠢᠭᠤ ᠮᠡᠳᠡᠬᠦᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121466706