蒙古文网站Logo
ᠰᠢᠨᠬᠤᠸᠠ ᠮᠤᠩᠭ᠋ᠤᠯ ᠨᠧᠲ

ᠰᠦᠨ ᠴᠦᠨ ᠯᠠᠨ ᠲᠦᠪ ᠤᠨ ᠲᠦᠯᠦᠭᠡᠯᠡᠬᠦ ᠪᠠᠭ ᠤᠨ ᠭᠤᠷᠪᠠᠳᠤᠭᠠᠷ ᠰᠠᠯᠪᠦᠷᠢ ᠪᠠᠭ ᠢ ᠲᠠᠭᠠᠭᠤᠯᠤᠨ ᠠᠯᠠᠱᠠ ᠠᠢᠢᠮᠠᠬ ᠲᠤ ᠬᠦᠷᠴᠦ ᠦᠨᠳᠦᠰᠦᠲᠡᠨ ᠨᠤᠭᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-11 10:06

    8 ᠰᠠᠷ᠎ᠠ ᠶᠢᠨ 10 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠵᠢᠨ ᠲᠤᠪᠴᠢᠶ᠎ᠠ ᠵᠢᠨ ᠬᠡᠰᠢᠬᠦᠨ᠂ ᠲᠦᠪ ᠤᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠰᠦᠨ ᠴᠦᠨ ᠯᠠᠨ ᠲᠦᠪ ᠤᠨ ᠲᠦᠯᠦᠭᠡᠯᠡᠬᠦ ᠪᠠᠭ ᠤᠨ ᠭᠤᠷᠪᠠᠳᠤᠭᠠᠷ ᠰᠠᠯᠪᠤᠷᠢ ᠪᠠᠭ ᠢ ᠲᠠᠭᠠᠭᠤᠯᠵᠦ᠂ ᠠᠯᠠᠱᠠ ᠠᠢᠢᠮᠠᠬ ᠲᠤ ᠬᠦᠷᠴᠤ ᠡᠯ᠎ᠠ ᠦᠨᠳᠦᠰᠦᠳᠡᠨ ᠤ ᠺᠠᠳ᠋ᠷ ᠤᠯᠠᠨ ᠲᠦᠮᠡᠨ ᠢ ᠲᠤᠬᠤᠨᠢᠭᠤᠯᠪᠠ ᠃ ᠲᠦᠯᠦᠭᠡᠯᠡᠬᠦ ᠪᠠᠭ ᠤᠨ ᠬᠢᠨ ᠮᠠᠯᠴᠢᠨ ᠤ ᠭᠡᠷ᠂ ᠰᠦᠮ᠎ᠠ ᠬᠡᠢᠢᠳ᠂ ᠰᠤᠶᠤᠯ ᠤᠨ ᠠᠵᠦ ᠦᠢᠯᠡᠰ ᠤᠨ ᠬᠦᠷᠢᠶᠡᠯᠡᠩ ᠵᠡᠷᠬᠡ ᠪᠡᠷ ᠬᠦᠨᠵᠡᠬᠡᠢᠢᠷᠡᠵᠦ᠂ ᠰᠢ᠋ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠤᠯᠤᠰ ᠳᠠᠶᠠᠭᠠᠷ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠤ ᠰᠠᠢᠢᠨ ᠰᠠᠢᠢᠬᠠᠨ ᠬᠦᠰᠡᠯ ᠵᠦᠩᠨᠡᠯ ᠢ ᠠᠯᠠᠱᠠ ᠠᠢᠢᠮᠠᠬ ᠤᠨ ᠡᠯ᠎ᠠ ᠦᠨᠳᠦᠰᠦᠳᠡᠨ ᠡᠯ᠎ᠠ ᠡᠳᠡᠬᠡᠳ ᠤᠨ ᠺᠠᠳ᠋ᠷ ᠤᠯᠠᠨ ᠲᠦᠮᠡᠨ ᠳ᠋ᠤ ᠬᠦᠷᠬᠡᠪᠡ᠃

    ᠲᠤᠰ ᠡᠳᠦᠷ ᠤᠨ ᠦᠳᠡ ᠵᠢᠨ ᠡᠮᠦᠨ᠎ᠠ᠂ ᠰᠦᠨ ᠴᠦᠨ ᠯᠠᠨ ᠠᠯᠠᠱᠠ ᠵᠢᠨ ᠬᠡᠬᠡᠷᠡᠯᠡᠨ ᠲᠠᠪᠬᠢᠬᠤ e ᠠᠢᠢᠮᠠᠭ ᠤᠨ ᠪᠠᠭᠠᠲᠤᠷᠴᠤᠳ  ᠤᠨ ᠴᠤᠭᠯᠠᠭᠠᠨ ᠤ ᠲᠠᠯᠠᠪᠠᠢ᠋ ᠳ᠋ᠤ ᠬᠦᠷᠴᠤ᠂ ᠡᠯᠡᠰᠦᠨ ᠤ ᠵᠢᠭᠤᠯᠴᠢᠯᠠᠯ ᠤᠨ ᠠᠵᠦ ᠦᠢᠯᠡᠰ ᠢ ᠰᠢᠨᠵᠢᠯᠡᠨ ᠪᠠᠢᠢᠴᠠᠭᠠᠵᠦ᠂ ᠣᠷᠣᠨ ᠪᠠᠢᠢᠷᠢ᠋ ᠶᠢᠨ ᠲᠠᠪᠠᠭᠤᠯᠢᠭ ᠵᠢᠡᠨ ᠪᠠᠳᠠᠷᠠᠭᠤᠯᠵᠦ᠂ ᠵᠢᠭᠤᠯᠴᠢᠯᠠᠯ ᠤᠨ ᠦᠢᠯᠡᠰ ᠤᠨ ᠬᠦᠭ᠍ᠵᠢᠯᠳᠡ ᠵᠢᠨ ᠰᠢᠨ᠎ᠠ ᠵᠢ᠋ ᠡᠬᠦᠳᠴᠤ ᠠᠬᠢᠭᠤᠯᠤᠬᠰᠠᠨ ᠠᠯᠠᠱᠠ ᠠᠢᠢᠮᠠᠬ ᠤᠨ ᠠᠷᠭ᠎ᠠ ᠬᠢᠳᠡᠯ ᠢ ᠨᠤᠳᠠᠯᠠᠵᠦ ᠪᠠᠢᠢᠬᠤ ᠪᠡᠨ ᠢᠯᠡᠷᠬᠡᠢᠢᠯᠡᠪᠡ᠃ ᠵᠠᠯᠭᠠᠭᠠᠳ ᠰᠦᠨ ᠴᠦᠨ ᠯᠠᠨ ᠮᠤᠩᠭ᠋ᠤᠯ ᠬᠡᠷ ᠲᠤ ᠤᠷᠤᠵᠦ᠂ ᠮᠠᠯᠴᠢᠨ ᠵᠠᠩ ᠬᠣᠢ᠋ ᠱᠸᠩ ᠤᠨ ᠬᠢᠨ ᠲᠠᠢ᠋ ᠵᠤᠭᠤᠬᠳᠠᠪᠠ᠃ ᠵᠠᠩ ᠬᠣᠢ᠋ ᠱᠸ᠋ᠩ ᠤᠨᠴᠠᠯᠢᠬᠳᠤ ᠵᠢᠭᠤᠯᠴᠢᠯᠠᠯ ᠤᠨ ᠦᠢᠯᠡᠰ ᠡᠷᠬᠢᠯᠡᠬᠦ ᠪᠡᠷ ᠲᠠᠮᠵᠢᠨ ᠵᠢᠯ ᠤᠨ ᠤᠷᠤᠯᠭ᠎ᠠ ᠨᠢ᠋ ᠬᠡᠳᠦᠨ ᠠᠷᠪᠠᠨ ᠲᠦᠮᠡᠨ ᠲᠦᠬᠦᠷᠢᠭ᠌ ᠲᠤ ᠬᠦᠷᠴᠤ ᠪᠠᠢᠢᠭ᠎ᠠ ᠵᠢ᠋ ᠰᠤᠨᠤᠰᠤᠭᠠᠳ ᠰᠦᠨ ᠴᠦᠨ ᠯᠠᠨ ᠮᠠᠰᠢ᠋ ᠪᠠᠶᠠᠷᠯᠠᠪᠠ᠃ ᠲᠡᠷᠡ᠂ ᠶᠡᠷᠦᠩᠬᠡᠢ᠋ ᠱᠦᠵᠢ᠋ ᠰᠢ᠋ ᠵᠢᠨ ᠫᠢᠩ ᠦᠪᠦᠷ ᠮᠤᠩᠭ᠋ᠤᠯ ᠤᠨ ᠦᠨᠳᠦᠰᠦᠳᠡᠨ ᠨᠣᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠮᠠᠰᠢ᠋ ᠰᠡᠳᠬᠢᠯ ᠳᠠᠯᠪᠢᠵᠣ ᠪᠠᠢᠢᠨ᠎ᠠ᠂ ᠲᠠᠨᠠᠷ ᠤᠨ ᠠᠮᠢᠳᠤᠷᠠᠯ ᠰᠠᠢᠢᠵᠢᠷᠠᠴᠢᠬᠠᠪᠠᠯ ᠨᠠᠮ ᠤᠨ ᠲᠦᠪ ᠬᠤᠷᠢᠶ᠎ᠠ ᠴᠤ ᠰᠡᠳᠬᠢᠯ ᠠᠮᠤᠷ ᠪᠤᠯᠴᠢᠬᠠᠨ᠎ᠠ ᠬᠡᠪᠡ᠃ ᠮᠣᠩᠭᠣᠯ ᠭᠡᠷ ᠡᠴᠡ ᠭᠠᠷᠤᠭᠠᠳ᠂ ᠰᠦᠨ ᠴᠦᠨ ᠯᠠᠨ ᠡᠯᠡᠰᠦᠨ ᠳᠤ ᠮᠤᠷᠢ ᠤᠷᠤᠯᠳᠤᠬᠤ᠂ ᠲᠡᠮᠡᠬᠡ ᠤᠷᠤᠯᠳᠤᠬᠤ᠂ ᠪᠦᠬᠡ ᠪᠠᠷᠢᠯᠳᠤᠬᠤ ᠵᠡᠷᠬᠡ ᠦᠨᠳᠦᠰᠦᠳᠡᠨ ᠤ ᠤᠨᠴᠠᠯᠢᠬᠳᠤ ᠦᠵᠡᠭᠦᠯᠦᠯᠭᠡ ᠶᠢ ᠰᠤᠨᠢᠷᠬᠠᠵᠦ᠂ ᠦᠨᠳᠦᠰᠦᠳᠡᠨ ᠨᠣᠭᠦᠳ ᠤ ᠤᠯᠠᠨ ᠲᠦᠮᠡᠨ ᠲᠠᠢ ᠲᠤᠳᠤᠨᠤ ᠪᠡᠷ ᠶᠠᠷᠢᠯᠴᠠᠪᠠ᠃

    ᠰᠦᠨ ᠴᠦᠨ ᠯᠠᠨ ᠪᠣᠶᠠᠨ ᠠᠷᠢᠭᠣᠳᠬᠠᠭᠴᠢ ᠰᠦᠮ᠎ᠠ ᠳ᠋ᠦ ᠬᠦᠷᠴᠦ ᠰᠢᠨᠵᠢᠯᠡᠨ ᠪᠠᠢᠢᠴᠠᠭᠠᠵᠣ᠂ ᠯᠠᠮᠠ ᠬᠤᠧᠠᠷᠠᠬ ᠲᠠᠢ ᠲᠤᠳᠤᠨᠤ ᠪᠡᠷ ᠶᠠᠷᠢᠯᠴᠠᠵᠦ᠂ ᠱᠠᠰᠢᠨ ᠰᠤᠷᠳᠠᠬᠤᠨ ᠤ ᠡᠳᠡᠬᠡᠳ ᠤᠨ ᠬᠢᠨ ᠪᠠ ᠱᠠᠰᠢᠨᠳᠠᠳ ᠲᠦ ᠮᠡᠨᠳᠤᠴᠢᠯᠠᠯ ᠲᠡᠪᠰᠢᠬᠦᠯᠪᠡ᠃ ᠲᠡᠷᠡ ᠱᠠᠰᠢᠨ ᠰᠤᠷᠳᠠᠬᠤᠨ ᠤ ᠡᠳᠡᠬᠡᠳ ᠤᠨ ᠬᠢᠨᠢ ᠤᠯᠤᠰ ᠳᠠᠶᠠᠭᠠᠷ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ ᠤᠨ ᠵᠤᠷᠢᠬ ᠰᠠᠨᠠᠭ᠎ᠠ ᠵᠢ ᠬᠢᠨᠠᠮᠠᠭᠠᠢ ᠰᠤᠷᠤᠯᠴᠠᠨ ᠨᠠᠢᠢᠳᠠᠪᠤᠷᠢᠵᠢᠭᠤᠯᠵᠦ᠂ ᠤᠯᠤᠰ ᠵᠢᠡᠨ ᠬᠠᠢᠢᠷᠠᠯᠠᠬᠤ ᠱᠠᠰᠢᠨ ᠵᠢᠡᠨ ᠬᠠᠢᠢᠷᠠᠯᠠᠬᠤ ᠰᠢᠯᠢᠳᠡᠭ ᠤᠯᠠᠮᠵᠢᠯᠠᠯ ᠵᠢᠡᠨ ᠪᠠᠳᠠᠷᠠᠭᠤᠯᠤᠨ᠂ ᠲᠤᠮᠳᠠᠳᠤ ᠤᠯᠤᠰᠴᠢᠯᠠᠬᠰᠠᠨ ᠴᠢᠭᠯᠡᠯ ᠢ ᠪᠠᠷᠢᠮᠳᠠᠯᠠᠵᠤ᠂ ᠱᠠᠰᠢᠨ ᠰᠤᠷᠳᠠᠬᠤᠨ ᠬᠢᠬᠡᠳ ᠨᠡᠢᠢᠬᠡᠮ ᠵᠢᠷᠤᠮᠳᠤ ᠨᠡᠢᠢᠬᠡᠮ ᠤᠨ ᠬᠠᠷᠢᠯᠴᠠᠨ ᠵᠤᠬᠢᠴᠠᠬᠤ ᠵᠢ ᠢᠳᠡᠪᠬᠢᠳᠡᠢ ᠬᠦᠲᠦᠯᠦᠨ ᠲᠠᠭᠠᠭᠤᠯᠵᠦ᠂ ᠨᠡᠢᠢᠬᠡᠮ ᠤᠨ ᠲᠤᠬᠳᠠᠭᠤᠨ ᠢ ᠬᠠᠮᠠᠭᠠᠯᠠᠬᠤ᠂ ᠦᠨᠳᠦᠰᠦᠳᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠡᠷ ᠦᠷᠬᠦᠯᠵᠢᠯᠡᠨ ᠢᠳᠡᠪᠬᠢᠳᠡᠢ ᠦᠢᠯᠡᠳᠦᠯ ᠵᠢᠡᠨ ᠪᠠᠳᠠᠷᠠᠭᠤᠯᠣᠭᠠᠷᠠᠢ ᠭᠡᠵᠦ ᠬᠦᠰᠡᠪᠡ᠃ ᠰᠦᠨ ᠴᠦᠨ ᠯᠠᠨ ᠠᠯᠠᠱᠠ ᠠᠢᠢᠮᠠᠬ ᠤᠨ ᠡᠯ᠎ᠠ ᠦᠨᠳᠦᠰᠦᠳᠡᠨ ᠡᠯ᠎ᠠ ᠡᠳᠡᠬᠡᠳ ᠤᠨ ᠤᠯᠠᠨ ᠲᠦᠮᠡᠨ ᠤ ᠲᠦᠯᠦᠬᠡᠯᠡᠭᠴᠢᠳ ᠲᠠᠢ ᠠᠭᠤᠯᠵᠠᠬᠣ ᠵᠢᠨ ᠬᠠᠮᠳᠣ ᠵᠢᠷᠤᠭ ᠠᠪᠬᠠᠭᠤᠯᠵᠤ ᠳᠤᠷᠠᠰᠬᠠᠯ ᠦᠯᠡᠳᠡᠭᠡᠪᠡ᠃ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠡᠯᠬᠡᠯᠡᠬᠦ ᠠᠯᠠᠱᠠ ᠠᠢᠢᠮᠠᠬ ᠤᠨ ᠶᠠᠷᠢᠯᠴᠠᠬᠤ ᠬᠤᠷᠠᠯ ᠳ᠋ᠤ ᠤᠷᠤᠯᠴᠠᠬᠤ ᠳ᠋ᠠᠭᠠᠨ᠂ ᠰᠦᠨ ᠴᠦᠨ ᠯᠠᠨ ᠠᠯᠠᠱᠠ ᠠᠢᠢᠮᠠᠬ ᠤᠨ ᠦᠪᠡᠷᠮᠢᠴᠡ ᠤᠨᠴᠠᠯᠢᠭ ᠲᠠᠢ ᠲᠠᠪᠠᠭᠤᠯᠢᠬᠳᠤ ᠠᠵᠦ ᠦᠢᠯᠡᠰ ᠢ ᠬᠦᠭ᠍ᠵᠢᠬᠦᠯᠬᠦ᠂ ᠠᠮᠢ ᠠᠬᠤᠢ ᠶᠢ ᠰᠠᠢᠢᠵᠢᠷᠠᠭᠤᠯᠬᠤ ᠵᠡᠷᠬᠡ ᠲᠠᠯ᠎ᠠ ᠪᠡᠷ ᠤᠯᠤᠬᠰᠠᠨ ᠠᠮᠵᠢᠯᠳᠠ ᠪᠦᠲᠦᠮᠵᠢ ᠶᠢ ᠨᠤᠳᠠᠯᠠᠵᠦ᠂ ᠠᠯᠠᠱᠠ ᠵᠢᠨ ᠤᠯᠤᠰ ᠤᠨ ᠰᠠᠨᠰᠠᠷ ᠠᠶᠠᠯᠠᠯ ᠤᠨ ᠦᠢᠯᠡᠰ ᠤᠨ ᠬᠦᠭ᠍ᠵᠢᠯᠳᠡ ᠳ᠋ᠤ ᠦᠵᠡᠬᠦᠯᠦᠭᠰᠡᠨ ᠬᠣᠪᠢ ᠨᠡᠮᠡᠷᠢ ᠶᠢ ᠮᠠᠬᠳᠠᠨ ᠰᠠᠢᠢᠰᠢᠶᠠᠪᠠ᠃ ᠲᠡᠷᠡ᠂ ᠠᠯᠠᠱᠠ《ᠬᠠᠨ ᠲᠡᠭᠷᠢ ᠠᠯᠠᠱᠠ》 ᠬᠡᠰᠡᠨ ᠰᠠᠢᠢᠬᠠᠨ ᠠᠯᠳᠠᠷ ᠲᠠᠢ᠂ ᠡᠬᠡ ᠤᠯᠤᠰ ᠤᠨ ᠤᠮᠠᠷᠠᠳᠤ ᠬᠢᠵᠠᠭᠠᠷ ᠤᠨ ᠴᠢᠬᠣᠯᠠ ᠠᠮᠤᠷ ᠲᠤᠬᠳᠠᠭᠤᠨ ᠤ ᠬᠠᠯᠬᠠᠪᠴᠢ ᠪᠠᠢᠢᠵᠦ᠂ ᠪᠠᠢᠢᠯᠳᠤᠬᠤ ᠪᠤᠳᠤᠯᠭ᠎ᠠ ᠵᠢᠨ ᠪᠠᠢᠢᠷᠢ ᠰᠠᠭᠤᠷᠢ ᠲᠦᠢᠯ ᠤᠨ ᠴᠢᠬᠤᠯᠠ ᠶᠤᠮ᠃ ᠡᠯ᠎ᠠ ᠱᠠᠳᠤᠨ ᠤ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠣᠭᠣᠳ ᠤᠨ ᠵᠤᠷᠢᠬ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ ᠤᠨ《7·26 》 ᠤ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠢᠨᠠᠮᠠᠭᠠᠢ ᠰᠤᠷᠤᠯᠴᠠᠨ ᠨᠠᠢᠢᠳᠠᠪᠤᠷᠢᠵᠢᠭᠤᠯᠵᠣ᠂ ᠠᠵᠦ ᠠᠬᠤᠢ ᠵᠢᠨ ᠬᠡᠯᠪᠡᠷᠢ ᠵᠢ ᠬᠤᠪᠢᠷᠠᠭᠤᠯᠬᠤ ᠠᠬᠢᠴᠠ ᠪᠠᠨ ᠲᠦᠷᠬᠡᠳᠬᠡᠨ ᠦᠷ᠎ᠠ ᠠᠰᠢᠬ ᠪᠠ ᠶᠠᠰᠤ ᠴᠢᠨᠠᠷ ᠢ ᠲᠡᠭᠡᠭ᠍ᠰᠢᠯᠡᠬᠦᠯᠵᠦ᠂ ᠠᠷᠠᠳ ᠤᠨ ᠠᠮᠢᠳᠤᠷᠠᠯ ᠢ ᠦᠨᠡᠨᠬᠦ ᠪᠠᠳᠣᠯᠠᠨ ᠰᠠᠢᠢᠵᠢᠷᠠᠭᠤᠯᠵᠦ᠂ ᠠᠮᠢ ᠠᠬᠤᠢ ᠵᠢᠨ ᠬᠤᠷᠢᠭ᠎ᠠ ᠱᠤᠭᠤᠮ ᠢ ᠡᠷᠡᠰ ᠰᠠᠢᠢᠳᠤᠷ ᠰᠠᠬᠢᠵᠦ᠂ ᠦᠨᠳᠦᠰᠦᠳᠡᠨ ᠤ ᠪᠦᠯᠬᠦᠮᠳᠡᠯ ᠢ ᠬᠦᠨᠵᠡᠬᠡᠢ ᠠᠬᠢᠭᠤᠯᠤᠨ᠂ ᠡᠯ᠎ᠠ ᠵᠦᠢᠯ ᠤᠨ ᠦᠢᠯᠡᠰ ᠶᠢᠡᠨ ᠰᠢᠨ᠎ᠠ ᠲᠡᠭᠳᠡᠷ ᠲᠤ ᠭᠠᠷᠭᠠᠵᠦ᠂ ᠦᠨᠳᠦᠰᠦᠳᠡᠨ ᠨᠣᠭᠦᠳ ᠤᠨ ᠠᠷᠠᠳ ᠲᠦᠮᠡᠨ ᠤ ᠠᠮᠢᠳᠤᠷᠠᠯ ᠢ ᠨᠡᠩ ᠵᠤᠯ ᠵᠢᠷᠭᠠᠯ ᠲᠠᠢ ᠪᠤᠯᠭᠠᠵᠦ᠂ ᠦᠵᠡᠰᠬᠦᠯᠡᠩᠳᠤ ᠰᠠᠢᠢᠬᠠᠨ ᠦᠪᠦᠷ ᠮᠤᠩᠭ᠋ᠤᠯ ᠢᠶᠡᠨ ᠪᠦᠲᠦᠬᠡᠨ ᠪᠠᠢᠢᠭᠤᠯᠵᠦ ᠠᠭᠤᠤ ᠶᠡᠬᠡ ᠲᠤᠮᠳᠠᠳᠤ ᠵᠢᠨ ᠮᠦᠷᠦᠭᠡᠳᠦᠯ ᠢᠶᠡᠨ ᠬᠠᠮᠳᠤᠪᠡᠷ ᠲᠡᠷᠬᠡᠯᠰᠢᠬᠦᠯᠬᠦ ᠬᠡᠷᠡᠭᠳᠡᠢ ᠬᠡᠪᠡ᠃

    ᠦᠳᠡ ᠡᠴᠡ ᠬᠤᠢᠢᠨ᠎ᠠ᠂ ᠰᠦᠨ ᠴᠦᠨ ᠯᠠᠨ ᠠᠯᠠᠱᠠ ᠶᠢᠨ ᠬᠠᠴᠢᠨ ᠴᠢᠯᠠᠭᠤ ᠵᠢᠨ ᠰᠤᠶᠤᠯ ᠤᠨ ᠠᠵᠦ ᠦᠢᠯᠡᠰ ᠤᠨ ᠬᠦᠷᠢᠶᠡᠯᠡᠩ ᠳ᠋ᠤ ᠬᠦᠷᠴᠦ ᠰᠢᠨᠵᠢᠯᠡᠨ ᠪᠠᠢᠢᠴᠠᠭᠠᠵᠦ᠂ ᠠᠵᠦ ᠦᠢᠯᠡᠰ ᠤᠨ ᠬᠦᠷᠢᠶᠡᠯᠡᠩ ᠳ᠋ᠤ ᠠᠵᠢᠯ ᠤᠯᠤᠬᠰᠠᠨ ᠮᠠᠯᠴᠢᠨ ᠲᠠᠷᠢᠶᠠᠴᠢᠨ ᠪᠠ ᠠᠵᠢᠯ ᠤᠨ ᠪᠠᠢᠢᠷᠢ ᠡᠴᠡ ᠪᠠᠨ ᠪᠠᠭᠤᠭᠠᠳ ᠲᠠᠬᠢᠨ ᠠᠵᠢᠯ ᠤᠯᠤᠬᠰᠠᠨ ᠠᠵᠢᠯᠴᠢᠳ ᠲᠠᠢ ᠲᠤᠳᠤᠨᠤ ᠪᠡᠷ ᠶᠠᠷᠢᠯᠴᠠᠵᠠᠢ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠵᠢᠨ ᠵᠦᠪᠯᠡᠯᠬᠡᠨ ᠤ ᠲᠡᠷᠢᠬᠦᠯᠡᠭᠴᠢ ᠷᠸᠨ ᠶᠠ ᠫᠢᠩ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠩᠭ᠋ᠤ ᠵᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠪᠠᠷ᠎ᠠ ᠪᠤᠯᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121467602