蒙古文网站Logo
ᠰᠢᠨᠬᠤᠸᠠ ᠮᠤᠩᠭ᠋ᠤᠯ ᠨᠧᠲ

ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠳᠦᠬᠡᠷ ᠰᠠᠯᠪᠤᠷᠢ ᠪᠠᠭ ᠢ ᠲᠠᠭᠠᠭᠤᠯᠤᠨ ᠤᠷᠳᠤᠰ ᠲᠦ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-11 10:06

    8 ᠰᠠᠷ᠎ᠠ ᠵᠢᠨ 10 ᠤ ᠡᠳᠦᠷ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠵᠢᠨ ᠬᠤᠷᠢᠶ᠎ᠠ ᠵᠢᠨ ᠳᠡᠳ᠋ ᠬᠣᠷᠢᠶᠠᠨ ᠲᠠᠷᠤᠭ᠎ᠠ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠵᠠᠩ ᠫᠢᠩ ᠲᠦᠪ ᠤᠨ ᠲᠦᠯᠦᠭᠡᠯᠡᠬᠦ ᠪᠠᠭ ᠤᠨ ᠲᠦᠷᠪᠡᠳᠦᠬᠡᠷ ᠰᠠᠯᠪᠤᠷᠢ ᠪᠠᠬ ᠢ ᠲᠠᠭᠠᠭᠤᠯᠤᠨ ᠤᠷᠳᠤᠰ ᠬᠤᠲᠠ ᠵᠢᠨ ᠠᠵᠤ ᠠᠬᠤᠢᠢᠯᠠᠯ᠂ ᠨᠡᠢᠢᠬᠡᠮ ᠲᠤᠭᠤᠷᠢᠭ ᠢᠶᠡᠷ ᠬᠦᠷᠴᠦ᠂ ᠰᠢ᠋ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠣᠭᠦᠳ ᠤᠨ ᠠᠷᠠᠳ ᠲᠦᠮᠡᠨ ᠤ ᠴᠢᠩ ᠰᠡᠳᠬᠢᠯ ᠤᠨ ᠵᠦᠩᠨᠡᠯ ᠢ ᠲᠤᠬᠠᠢ᠋ ᠵᠢᠨ ᠤᠷᠤᠨ ᠤ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠳ᠋ᠤ ᠬᠦᠷᠬᠡᠪᠡ᠃

    ᠵᠠᠩ ᠫᠢᠩ ᠨᠠᠷ ᠡᠩ ᠲᠠᠷᠢᠬᠦᠨ ᠳ᠋ᠤ ᠤᠷᠳᠤᠰ ᠤᠨ ᠢᠮᠠᠭᠠᠨ ᠨᠤᠤᠯᠤᠷ ᠤᠨ ᠪᠦᠯᠦᠭᠯᠡᠯ ᠤᠨ ᠬᠢᠵᠠᠭᠠᠷᠳᠤ ᠺᠤᠮᠫᠠᠨᠢ᠋ ᠳ᠋ᠤ ᠬᠦᠷᠴᠦ᠂ ᠦᠢᠯᠡᠳᠪᠦᠷᠢᠯᠡᠯ ᠤᠨ ᠲᠠᠰᠤᠬ ᠤᠨ ᠡᠮᠦᠨ᠎ᠠ ᠹᠷᠤᠨᠲ ᠤᠨ ᠠᠵᠢᠯᠴᠢᠨ ᠢ ᠪᠣᠯᠭᠣᠭᠠᠨ ᠦᠵᠡᠵᠡᠢ᠋᠃ ᠵᠠᠩ ᠫᠢᠩ ᠤᠯᠠᠨ ᠢ ᠴᠢᠷᠮᠠᠢᠢᠨ ᠠᠵᠢᠯᠯᠠᠵᠤ ᠵᠤᠷᠢᠬᠳᠠᠢ᠋ ᠪᠡᠷ ᠰᠢᠨ᠎ᠠ ᠵᠢ᠋ ᠡᠬᠦᠳᠴᠦ᠂ ᠠᠵᠢᠯᠴᠢ᠋ ᠬᠤᠶᠠᠷ ᠭᠠᠷ ᠢᠶᠡᠷ ᠢᠶᠡᠨ ᠰᠠᠢᠢᠨ ᠰᠠᠢᠢᠬᠠᠨ ᠠᠮᠢᠳᠤᠷᠠᠯ ᠢᠶᠡᠨ ᠴᠤᠬᠴᠠᠯᠠᠭᠠᠷᠠᠢ᠋ ᠭᠡᠵᠦ ᠵᠤᠷᠢᠬᠵᠢᠭᠤᠯᠪᠠ᠃

    ᠠᠨᠳᠠ ᠨᠡᠢᠢᠬᠡᠮ ᠲᠤᠭᠤᠷᠢᠬ ᠤᠨ ᠶᠡᠷᠦᠩᠬᠡᠢᠢᠯᠡᠭᠰᠡᠨ ᠰᠤᠶᠤᠯ ᠤᠨ ᠦᠢᠯᠡᠴᠢᠯᠡᠬᠡᠨ ᠤ ᠲᠦᠪ ᠲᠤ ᠵᠠᠩ ᠫᠢᠩ ᠨᠡᠢᠢᠬᠡᠮ ᠲᠤᠭᠤᠷᠢᠬ ᠤᠨ ᠰᠠᠭᠤᠭᠠᠯᠢ᠋ ᠠᠷᠠᠳ ᠲᠠᠢ᠋ ᠲᠤᠳᠤᠨᠤ ᠪᠡᠷ ᠶᠠᠷᠢᠯᠴᠠᠵᠣ᠂ ᠤᠯᠠᠨ ᠤ ᠠᠮᠢᠳᠤᠷᠠᠯ ᠵᠤᠯ ᠵᠢᠷᠭᠠᠯ ᠳᠠᠢ᠋ ᠪᠠᠢᠢᠬᠤ ᠵᠢ᠋ ᠬᠦᠰᠡᠨ ᠵᠦᠩᠨᠡᠪᠡ᠃ ᠦᠨᠳᠦᠰᠦᠨ ᠱᠠᠳᠤᠨ ᠤ ᠵᠤᠬᠢᠶᠠᠨ ᠪᠠᠢᠢᠭᠤᠯᠤᠯᠳᠠ ᠵᠢᠨ ᠴᠣᠭᠴᠠᠯᠠᠯᠳᠠ ᠵᠢ᠋ ᠴᠢᠩᠭ᠋ᠠᠳᠬᠠᠨ ᠦᠨᠳᠦᠰᠦᠨ ᠱᠠᠳᠤᠨ ᠤ ᠠᠵᠢᠯ ᠤᠨ ᠬᠦᠴᠦᠨ ᠢ ᠲᠡᠬᠦᠯᠳᠡᠷᠵᠢᠬᠦᠯᠵᠦ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠢᠢᠭᠤᠯᠤᠯᠳᠠ ᠵᠢ᠋ ᠤᠯᠠᠨ ᠲᠦᠮᠡᠨ ᠳ᠋ᠤ ᠦᠢᠯᠡᠴᠢᠯᠡᠭᠦ ᠡᠬᠢ ᠪᠠᠶᠠᠯᠢᠬ ᠲᠠᠢ᠋᠂ ᠴᠢᠳᠠᠪᠤᠷᠢ᠋ ᠲᠠᠢ᠋ ᠪᠤᠯᠭᠠᠵᠦ᠂ ᠦᠨᠡᠨᠬᠦ ᠤᠯᠠᠨ ᠲᠦᠮᠡᠨ ᠢ ᠪᠦᠯᠬᠦᠮᠳᠡᠬᠦᠯᠬᠦ ᠭᠤᠤᠯᠯᠠᠬᠴᠢ᠋᠂ ᠪᠣᠭᠣᠮᠳᠠ ᠰᠢᠪᠳᠤᠯᠤᠨ ᠬᠦᠴᠢᠷ ᠢ ᠲᠤᠭᠤᠯᠬᠤ ᠪᠡᠬᠢᠯᠡᠯᠳᠡ ᠪᠤᠯᠭᠠᠬᠤ ᠬᠡᠷᠡᠭᠳᠡᠢ᠋ ᠬᠡᠵᠦ ᠲᠡᠷᠡ ᠵᠢᠭᠠᠵᠣ ᠭᠠᠷᠭᠠᠵᠠᠢ᠃

    ᠮᠤᠩᠭ᠋ᠤᠯ ᠰᠠᠭᠤᠭᠠᠯᠢ ᠠᠷᠠᠳ ᠬᠠᠰᠬᠡᠷᠡᠯ ᠤᠨ ᠬᠡᠷ ᠲᠤ᠂ ᠵᠠᠩ ᠫᠢᠩ ᠠᠵᠢᠯ ᠠᠮᠢᠳᠤᠷᠠᠯ ᠤᠨ ᠪᠠᠢᠢᠳᠠᠯ ᠢ ᠨᠢ ᠨᠠᠷᠢᠨ ᠠᠰᠠᠭᠤᠨ ᠯᠠᠪᠯᠠᠪᠠ᠃ ᠲᠡᠭᠦᠨ ᠤ ᠦᠨᠳᠦᠰᠦᠳᠡᠨ ᠤ ᠬᠤᠪᠴᠠᠰᠤ ᠵᠠᠰᠠᠯ ᠤᠨ ᠦᠢᠯᠡᠳᠪᠦᠷᠢ ᠡᠷᠬᠢᠯᠡᠵᠦ ᠪᠠᠢᠢᠭ᠎ᠠ ᠵᠢ ᠰᠤᠨᠤᠰᠤᠭᠠᠳ ᠵᠠᠩ ᠫᠢᠩ᠂ ᠨᠠᠮ ᠪᠤᠯᠤᠨ ᠤᠯᠤᠰ ᠤᠨ ᠰᠠᠢᠢᠨ ᠲᠦᠷᠦ ᠵᠢᠨ ᠪᠤᠳᠤᠯᠭ᠎ᠠ ᠦᠨᠳᠦᠰᠦᠳᠡᠨ ᠨᠣᠭᠦᠳ ᠤᠨ ᠤᠯᠠᠨ ᠲᠦᠮᠡᠨ ᠳ᠋ᠤ ᠠᠳᠠᠯ ᠪᠤᠰᠬᠠᠬᠤ ᠦᠷᠬᠡᠨ ᠠᠭᠤᠳᠠᠮ ᠣᠷᠣᠨ ᠵᠠᠢ ᠬᠠᠩᠭ᠋ᠠᠵᠠᠢ᠂ ᠰᠡᠴᠡᠨ ᠰᠡᠷᠬᠦᠯᠡᠩ ᠠᠪᠢᠶᠠᠰ ᠴᠢᠳᠠᠪᠤᠷᠢ ᠪᠡᠨ ᠪᠠᠳᠠᠷᠠᠭᠤᠯᠤᠨ ᠨᠡᠢᠢᠬᠡᠮ ᠳ᠋ᠤ ᠬᠤᠪᠢ ᠨᠡᠮᠡᠷᠢ ᠦᠵᠡᠬᠦᠯᠵᠦ᠂ ᠦᠪᠡᠷ ᠤᠨ ᠦᠷᠳᠡᠭ ᠢᠶᠡᠨ ᠪᠡᠶᠡᠯᠡᠬᠦᠯᠬᠦ ᠬᠡᠷᠡᠭᠳᠡᠢ ᠬᠡᠵᠦ ᠢᠯᠡᠷᠬᠡᠢᠢᠯᠡᠪᠡ᠃

    ᠲᠦᠯᠦᠭᠡᠯᠡᠬᠦ ᠪᠠᠭ ᠤᠨ ᠬᠢᠨ ᠲᠤᠬᠠᠢ ᠵᠢᠨ ᠤᠷᠤᠨ ᠤ ᠡᠯ᠎ᠠ ᠦᠨᠳᠦᠰᠦᠳᠡᠨ ᠡᠯ᠎ᠠ ᠡᠳᠡᠬᠡᠳ ᠤᠨ ᠺᠠᠳ᠋ᠷ ᠤᠯᠠᠨ ᠲᠦᠮᠡᠨ ᠤ ᠲᠦᠯᠦᠬᠡᠯᠡᠭᠴᠢ ᠲᠠᠢ ᠠᠭᠤᠯᠵᠠᠬᠤ ᠶᠢᠨ ᠬᠠᠮᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠡᠯᠬᠡᠯᠡᠬᠦ ᠤᠷᠳᠤᠰ ᠬᠤᠳᠠ ᠵᠢᠨ ᠶᠠᠷᠢᠯᠴᠠᠬᠤ ᠬᠤᠷᠠᠯ ᠳ᠋ᠤ ᠤᠷᠤᠯᠴᠠᠪᠠ᠃ ᠵᠠᠩ ᠫᠢᠩ ᠤᠷᠳᠤᠰ ᠤᠨ ᠠᠵᠤ ᠠᠬᠤᠢ ᠨᠡᠢᠢᠬᠡᠮ ᠤᠨ ᠬᠦᠭ᠍ᠵᠢᠯᠳᠡ ᠶᠢᠨ ᠠᠮᠵᠢᠯᠳᠠ ᠪᠦᠳᠦᠮᠵᠢ ᠶᠢ ᠬᠦᠢᠴᠡᠳ ᠨᠤᠳᠠᠯᠠᠵᠣ᠂ ᠲᠤᠬᠠᠢ ᠶᠢᠨ ᠤᠷᠤᠨ ᠤ ᠺᠠᠳ᠋ᠷ ᠤᠯᠠᠨ ᠲᠦᠮᠡᠨ ᠢ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶ᠎ᠠ ᠨᠣᠭᠣᠳ ᠤᠨ ᠵᠤᠷᠢᠬ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠵᠢ ᠬᠦᠨᠵᠡᠬᠡᠢ ᠰᠤᠷᠤᠯᠴᠠᠨ ᠲᠤᠤᠱᠯᠠᠭᠤᠯᠵᠤ᠂《ᠲᠦᠷᠪᠡᠨ ᠤᠬᠠᠮᠰᠠᠷ》 ᠢ ᠪᠠᠳᠤ ᠪᠤᠢ ᠪᠤᠯᠭᠠᠵᠤ 《᠂ ᠲᠦᠷᠪᠡᠨ ᠢᠳᠡᠬᠡᠯ》 ᠢ ᠪᠠᠳᠣᠳᠬᠠᠵᠣ᠂ ᠶᠡᠷᠦᠩᠬᠡᠢ ᠱᠦᠵᠢ ᠰᠢ ᠵᠢᠨ ᠫᠢᠩ ᠤᠨ ᠦᠪᠦᠷ ᠮᠤᠩᠭ᠋ᠤᠯ ᠳ᠋ᠤ ᠰᠢᠨᠵᠢᠯᠡᠨ ᠪᠠᠢᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠶᠤᠰᠤᠭᠠᠷ ᠨᠡᠮᠡᠭᠳᠡᠯ ᠢ ᠲᠤᠬᠳᠠᠪᠤᠷᠢᠵᠢᠭᠤᠯᠬᠤ᠂ ᠦᠬᠡᠷᠡᠴᠢᠯᠡᠯᠳᠡ ᠵᠢ ᠠᠬᠢᠭᠤᠯᠬᠤ᠂ ᠪᠦᠳᠦᠴᠡ ᠵᠢ ᠲᠤᠬᠢᠷᠠᠭᠤᠯᠬᠤ᠂ ᠠᠷᠠᠳ ᠲᠦ ᠠᠰᠢᠬ ᠬᠦᠷᠳᠡᠬᠡᠬᠦ᠂ ᠠᠶᠤᠯ ᠲᠦᠭᠰᠢᠬᠦᠷᠢ ᠶᠢ ᠰᠡᠷᠬᠡᠢᠢᠯᠡᠬᠦ ᠳᠠᠯ᠎ᠠ ᠪᠡᠷ ᠲᠠᠰᠤᠷᠠᠯᠳᠠ ᠦᠬᠡᠢ ᠰᠢᠨ᠎ᠠ ᠦᠷ᠎ᠠ ᠪᠦᠳᠦᠮᠵᠢ ᠤᠯᠵᠤ᠂《ᠦᠵᠡᠰᠬᠦᠯᠡᠩᠳᠦ ᠰᠠᠢᠢᠬᠠᠨ ᠦᠪᠦᠷ ᠮᠤᠩᠭ᠋ᠤᠯ ᠢᠶᠡᠨ ᠪᠦᠳᠦᠬᠡᠨ ᠪᠠᠢᠢᠭᠤᠯᠵᠤ ᠠᠭᠤᠤ ᠶᠡᠬᠡ ᠲᠤᠮᠳᠠᠳᠤ ᠵᠢᠨ ᠮᠦᠷᠦᠭᠡᠳᠦᠯ ᠢᠶᠡᠨ ᠬᠠᠮᠳᠤᠪᠡᠷ ᠲᠡᠷᠬᠡᠯᠰᠢᠬᠦᠯᠬᠦ》 ᠳ᠋ᠤ ᠰᠢᠨ᠎ᠠ ᠬᠤᠪᠢ ᠨᠡᠮᠡᠷᠢ ᠦᠵᠡᠬᠦᠯᠦᠭᠡᠷᠡᠢ ᠬᠡᠵᠦ ᠵᠤᠷᠢᠬᠵᠢᠭᠤᠯᠵᠠᠢ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠵᠢᠨ ᠬᠤᠷᠢᠶ᠎ᠠ ᠵᠢᠨ ᠱᠦᠵᠢ ᠯᠢ ᠵᠢᠶᠠ᠂ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠬᠡ ᠬᠤᠷᠠᠯ ᠤᠨ ᠪᠠᠢᠢᠩᠭ᠋ᠤ ᠵᠢᠨ ᠬᠤᠷᠢᠶ᠎ᠠ ᠶᠢᠨ ᠨᠠᠮ ᠤᠨ ᠤᠳᠤᠷᠢᠳᠬᠤ ᠪᠠᠭ ᠤᠨ ᠲᠡᠳ᠋ ᠱᠦᠵᠢ᠂ ᠪᠠᠢᠢᠩᠭ᠋ᠤ ᠵᠢᠨ ᠲᠡᠳ᠋ ᠡᠷᠬᠢᠯᠡᠭᠴᠢ ᠬᠤᠷᠴᠠ ᠪᠠᠷ᠎ᠠ ᠪᠤᠯᠪᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121467650