蒙古文网站Logo
ᠰᠢᠨᠬᠤᠸᠠ ᠮᠤᠩᠭ᠋ᠤᠯ ᠨᠧᠲ

ᠯᠢᠦ ᠶᠠᠨ ᠳ᠋ᠦᠩ ᠲᠦᠪ ᠤᠨ ᠲᠦᠯᠦᠭᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠲᠠᠭᠠᠭᠤᠯᠤᠨ ᠬᠦᠯᠦᠨ ᠪᠤᠢᠢᠷ ᠲᠤ ᠬᠦᠷᠴᠤ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠲᠤᠬᠤᠨᠢᠭᠤᠯᠪᠠ

2017-08-11 10:30

    8 ᠰᠠᠷ᠎ᠠ ᠵᠢᠨ 10 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠣᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠬᠡᠰᠢᠭᠦᠨ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠲᠡᠳ᠋ ᠶᠡᠷᠦᠩᠬᠡᠢ᠋ ᠰᠠᠢᠢᠳ᠂ ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠯᠢᠦ ᠶᠠᠨ ᠳ᠋ᠦᠩ ᠲᠦᠪ ᠤᠨ ᠲᠦᠯᠦᠭᠡᠯᠡᠬᠦ ᠪᠠᠭ ᠤᠨ ᠬᠤᠶᠠᠳᠤᠭᠠᠷ ᠰᠠᠯᠪᠤᠷᠢ ᠪᠠᠭ ᠢ ᠲᠠᠭᠠᠭᠤᠯᠤᠨ ᠬᠦᠯᠦᠨ ᠪᠤᠢᠢᠷ ᠲᠤ ᠬᠦᠷᠴᠤ᠂ ᠰᠢ᠋ ᠵᠢᠨ ᠫᠢᠩ ᠨᠦᠬᠦᠷ ᠵᠢᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠤᠯᠤᠰ ᠲᠠᠶᠠᠭᠠᠷ ᠤᠨ ᠠᠷᠠᠳ ᠲᠦᠮᠡᠨ ᠤ ᠰᠠᠢᠢᠨ ᠰᠠᠢᠢᠬᠠᠨ ᠬᠦᠰᠡᠯ ᠵᠦᠩᠨᠡᠯ ᠢ ᠲᠤᠬᠠᠢ᠋ ᠵᠢᠨ ᠤᠷᠤᠨ ᠤ ᠦᠨᠳᠦᠰᠦᠳᠡᠨ ᠨᠣᠭᠦᠳ ᠤᠨ ᠺᠠᠳ᠋ᠷ ᠤᠯᠠᠨ ᠲᠦᠮᠡᠨ ᠳ᠋ᠤ ᠬᠦᠷᠭᠡᠪᠡ᠃ ᠯᠢᠦ ᠶᠠᠨ ᠳ᠋ᠦᠩ ᠬᠦᠯᠦᠨ ᠪᠤᠢᠢᠷ ᠬᠤᠳᠠ ᠵᠢᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠲᠠᠢ᠋ ᠠᠭᠤᠯᠵᠠᠬᠤ ᠵᠢᠨ ᠬᠠᠮᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ᠋ ᠵᠢ᠋ ᠪᠡᠯᠭᠡᠯᠡᠭᠦ ᠬᠦᠯᠦᠨ ᠪᠤᠢᠢᠷ ᠬᠤᠳᠠ ᠵᠢᠨ ᠶᠠᠷᠢᠯᠴᠠᠬᠤ ᠬᠤᠷᠠᠯ ᠳ᠋ᠤ ᠤᠷᠤᠯᠴᠠᠪᠠ᠃

    ᠯᠢᠦ ᠶᠠᠨ ᠳ᠋ᠦᠩ᠂ 70 ᠵᠢᠯ ᠤᠨ ᠲᠤᠷᠰᠢ᠋ ᠨᠠᠮ ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠲᠤᠳᠤᠨᠤ ᠬᠠᠯᠠᠮᠵᠢᠯᠠᠯ ᠲᠤᠤᠷ᠎ᠠ᠂ ᠬᠦᠯᠦᠨ ᠪᠤᠢᠢᠷ ᠤᠨ ᠡᠳ᠋ ᠤᠨ ᠵᠠᠰᠠᠭ ᠬᠦᠭᠵᠢᠵᠤ᠂ ᠢᠷᠬᠡᠳ ᠤᠨ ᠠᠮᠢᠳᠤᠷᠠᠯ ᠰᠠᠢᠢᠵᠢᠷᠠᠨ᠂ ᠦᠨᠳᠦᠰᠦᠳᠡᠨ ᠨᠣᠭᠦᠳ ᠪᠦᠯᠬᠦᠮᠳᠡᠵᠦ᠂ ᠨᠡᠢᠢᠭᠡᠮ ᠲᠤᠬᠳᠠᠭᠤᠨ ᠪᠣᠯᠵᠣ᠂ ᠲᠡᠤᠭᠡᠳᠦ ᠴᠢᠨᠠᠷᠳᠠᠢ᠋ ᠬᠤᠪᠢᠷᠠᠯᠳᠠ ᠭᠠᠷᠴᠠᠢ᠋ ᠬᠡᠵᠤ ᠵᠢᠭᠠᠵᠤ ᠭᠠᠷᠭᠠᠪᠠ᠃ ᠲᠡᠷᠡ᠂ ᠶᠡᠷᠦᠩᠬᠡᠢ᠋ ᠱᠦᠵᠢ᠋ ᠰᠢ᠋ ᠵᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠶᠢ ᠬᠦᠨᠵᠡᠭᠡᠢ᠋ ᠲᠤᠤᠱᠯᠠᠭᠤᠯᠵᠤ᠂ ᠶᠡᠷᠦᠩᠬᠡᠢ᠋ ᠱᠦᠵᠢ᠋ ᠰᠢ᠋ ᠵᠢᠨ ᠫᠢᠩ ᠤᠨ《7•26》 ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠵᠢ᠋ ᠰᠤᠷᠤᠯᠴᠠᠨ ᠲᠤᠤᠱᠯᠠᠭᠤᠯᠵᠤ᠂《ᠲᠦᠷᠪᠡᠨ ᠤᠬᠠᠮᠰᠠᠷ》 ᠢ ᠪᠠᠳᠤ ᠪᠡᠬᠢ ᠪᠤᠢ᠋ ᠪᠤᠯᠭᠠᠵᠣ᠂ 《ᠦᠵᠡᠰᠭᠦᠯᠡᠩᠳᠦ ᠰᠠᠢᠢᠬᠠᠨ ᠦᠪᠦᠷ ᠮᠤᠩᠭᠤᠯ ᠵᠢᠡᠨ ᠪᠦᠳᠦᠭᠡᠨ ᠪᠠᠢᠢᠭᠤᠯᠵᠤ ᠠᠭᠤᠤ ᠶᠡᠭᠡ ᠲᠤᠮᠳᠠᠳᠤ ᠵᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ》ᠳ᠋ᠤ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ᠃ ᠶᠡᠷᠦᠩᠬᠡᠢ ᠱᠦᠵᠢ ᠰᠢ ᠵᠢᠨ ᠫᠢᠩ ᠤᠨ ᠦᠪᠦᠷ ᠮᠤᠩᠭᠤᠯ ᠳ᠋ᠤ ᠰᠢᠨᠵᠢᠯᠡᠨ ᠪᠠᠢᠢᠴᠠᠭᠠᠬᠤ ᠦᠶ᠎ᠠ ᠵᠢᠨ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠨᠡᠢᠢᠳᠡᠪᠦᠷᠢᠵᠢᠭᠤᠯᠤᠨ ᠬᠦᠭᠵᠢᠯᠳᠡ ᠪᠠᠨ ᠲᠦᠷᠭᠡᠳᠭᠡᠵᠤ᠂ ᠲᠤᠬᠳᠠᠬᠰᠠᠨ ᠬᠣᠭᠣᠴᠠᠭᠠᠨ ᠳ᠋ᠦ ᠴᠢᠨᠡᠭᠡᠯᠢᠭ ᠨᠡᠢᠢᠭᠡᠮ ᠢ ᠪᠦᠬᠦ ᠲᠠᠯ᠎ᠠ ᠪᠡᠷ ᠪᠡᠶᠡᠯᠡᠭᠦᠯᠭᠦ ᠬᠡᠷᠡᠭᠳᠡᠢ; ᠢᠷᠬᠡᠳ ᠤᠨ ᠠᠮᠢᠳᠤᠷᠠᠯ ᠢ ᠦᠨᠡᠨᠭᠦ ᠪᠠᠳᠤᠯᠠᠨ ᠰᠠᠢᠢᠵᠢᠷᠠᠭᠤᠯᠵᠤ᠂ ᠤᠯᠠᠨ ᠲᠦᠮᠡᠨ ᠤ ᠬᠦᠷᠳᠡᠮᠵᠢ ᠵᠢᠨ ᠲᠦᠷᠦᠭᠳᠡᠯ ᠢ ᠲᠡᠭᠡᠭᠰᠢᠯᠡᠭᠦᠯᠭᠦ ᠬᠡᠷᠡᠭᠳᠡᠢ; ᠦᠨᠳᠦᠰᠦᠳᠡᠨ ᠤ ᠠᠵᠢᠯ ᠢ ᠯᠠᠪᠳᠠᠭᠤᠨ ᠪᠠᠳᠤᠳᠠᠢ ᠰᠠᠢᠢᠳᠤᠷ ᠬᠢᠵᠤ᠂ ᠦᠨᠳᠦᠰᠦᠳᠡᠨ ᠨᠤᠬᠦᠳ ᠬᠠᠮᠳᠤᠪᠡᠷ ᠪᠦᠯᠬᠦᠮᠳᠡᠨ ᠲᠡᠮᠡᠴᠡᠵᠤ᠂ ᠬᠠᠮᠳᠤᠪᠡᠷ ᠴᠡᠴᠡᠭᠯᠡᠨ ᠬᠦᠭᠵᠢᠭᠦ ᠵᠢ ᠠᠬᠢᠭᠤᠯᠬᠤ ᠬᠡᠷᠡᠭᠳᠡᠢ; ᠠᠮᠢ ᠠᠬᠤᠢ ᠵᠢ ᠲᠡᠷᠢᠭᠦᠨ ᠳ᠋ᠤ ᠲᠠᠯᠪᠢᠬᠤ ᠪᠠᠢᠢᠯᠳᠤᠬᠤ ᠪᠤᠳᠤᠯᠭ᠎ᠠ ᠵᠢ ᠢᠮᠠᠬᠳᠠ ᠪᠠᠷᠢᠮᠳᠠᠯᠠᠵᠤ᠂ ᠦᠪᠡᠷᠮᠢᠴᠠ ᠤᠨᠴᠠᠯᠢᠭ ᠳᠠᠢ ᠪᠤᠬᠢᠷᠳᠦᠯ ᠦᠭᠡᠢ ᠬᠦᠭᠵᠢᠯᠳᠡ ᠵᠢᠨ ᠵᠠᠮ ᠵᠢᠡᠷ ᠵᠠᠮᠨᠠᠬᠤ ᠬᠡᠷᠡᠭᠳᠡᠢ ᠬᠡᠵᠤ ᠴᠢᠬᠤᠯᠠᠴᠢᠯᠠᠪᠠ᠃

    ᠯᠢᠦ ᠶᠠᠨ ᠳ᠋ᠦᠩ ᠮᠠᠨᠵᠤᠤᠷ ᠬᠢᠯᠢ ᠵᠢᠨ ᠪᠤᠭᠤᠮᠳᠠ ᠳ᠋ᠤ ᠤᠯᠤᠰ ᠤᠨ ᠡᠭᠦᠳᠡ ᠪᠠ ᠭᠠᠢᠢᠯᠢ ᠵᠢ ᠪᠠᠳᠤᠯᠠᠬᠤ ᠳᠣᠭᠣᠷᠢᠭ ᠲᠦ ᠰᠢᠨᠵᠢᠯᠡᠨ ᠪᠠᠢᠢᠴᠠᠭᠠᠵᠣ᠂ ᠬᠢᠯᠢ ᠵᠢᠨ ᠠᠷᠠᠯᠵᠢᠶ᠎ᠠ ᠪᠠ ᠪᠤᠭᠤᠮᠳᠠ ᠨᠡᠪᠳᠡᠷᠡᠬᠦ ᠪᠠᠢᠢᠳᠠᠯ ᠢ ᠤᠢᠢᠯᠠᠭᠠᠵᠤ᠂ ᠪᠤᠭᠤᠮᠳᠠ ᠪᠠ ᠬᠢᠯᠢ ᠵᠢᠨ ᠪᠠᠢᠢᠴᠠᠭᠠᠯᠳᠠ ᠵᠢᠨ ᠠᠵᠢᠯᠳᠠᠳ ᠪᠤᠯᠤᠨ ᠬᠢᠯᠢ ᠵᠢᠨ ᠬᠠᠮᠠᠭᠠᠯᠠᠯᠳᠠ ᠵᠢᠨ ᠴᠡᠷᠢᠭ ᠠᠩᠬᠢ ᠵᠢ ᠲᠤᠬᠤᠨᠢᠭᠤᠯᠪᠠ᠃ ᠲᠡᠷᠡ᠂ ᠤᠯᠤᠰ ᠤᠨ《ᠨᠢᠭᠡ ᠪᠦᠰᠡ ᠨᠢᠭᠡ ᠵᠠᠮ》 ᠳ᠋ᠤ ᠰᠠᠨᠠᠭᠠᠴᠢᠯᠠᠭ᠎ᠠ ᠲᠠᠢ ᠪᠡᠷ ᠢᠳᠡᠪᠬᠢᠳᠡᠢ ᠵᠣᠯᠭᠠᠭᠣᠯᠵᠣ᠂ ᠪᠤᠭᠤᠮᠳᠠ ᠵᠢᠨ ᠳᠡᠳ᠋ ᠪᠦᠳᠦᠴᠡ ᠪᠡᠨ ᠲᠡᠭᠦᠯᠳᠡᠷᠵᠢᠭᠦᠯᠭᠦ ᠬᠡᠷᠡᠭᠳᠡᠢ; ᠤᠯᠤᠰ ᠤᠨ ᠡᠭᠦᠳᠡ ᠵᠢᠨ ᠤᠯᠤᠰ ᠵᠢᠡᠨ ᠬᠠᠢᠢᠷᠠᠯᠠᠬᠤ ᠬᠦᠮᠦᠵᠢᠯ ᠤᠨ ᠰᠠᠭᠤᠷᠢᠨ ᠤ ᠦᠢᠯᠡᠳᠦᠯ ᠵᠢᠡᠨ ᠰᠠᠢᠢᠳᠤᠷ ᠪᠠᠳᠠᠷᠠᠭᠤᠯᠬᠤ ᠬᠡᠷᠡᠭᠳᠡᠢ; ᠤᠨᠴᠠᠯᠢᠬᠳᠦ ᠵᠢᠭᠤᠯᠴᠢᠯᠠᠯ ᠢ ᠪᠤᠵᠠᠭᠠᠢᠢᠷᠠᠭᠤᠯᠤᠨ ᠬᠦᠴᠦᠷᠭᠡᠭᠵᠢᠭᠦᠯᠵᠤ᠂ ᠬᠦᠮᠦᠰ ᠤᠨ ᠤᠯᠤᠰ ᠤᠨ ᠤᠬᠠᠮᠰᠠᠷ ᠪᠠ ᠦᠨᠳᠦᠰᠦᠳᠡᠨ ᠤ ᠤᠮᠤᠬᠰᠢᠯᠳᠦ ᠰᠡᠳᠬᠢᠯᠭᠡ ᠵᠢ ᠴᠢᠩᠭᠠᠳᠬᠠᠬᠤ ᠬᠡᠷᠡᠭᠳᠡᠢ ᠬᠡᠵᠤ ᠵᠢᠭᠠᠵᠣ ᠭᠠᠷᠭᠠᠪᠠ᠃

    ᠯᠢᠦ ᠶᠠᠨ ᠳ᠋ᠦᠩ ᠬᠠᠭᠤᠴᠢᠨ ᠪᠠᠷᠭᠤ ᠬᠤᠰᠢᠭᠤᠨ ᠤ ᠮᠠᠯᠴᠢᠨ ᠲᠡᠭᠰᠢᠰᠠᠢᠢᠬᠠᠨ ᠤ ᠭᠡᠷ ᠲᠦ ᠬᠦᠷᠴᠤ᠂ ᠲᠡᠭᠦᠨ ᠤ ᠪᠡᠯᠴᠢᠭᠡᠷ ᠨᠤᠳᠤᠭ ᠵᠢᠡᠨ ᠰᠣᠯᠠᠯᠠᠨ ᠭᠠᠷᠭᠠᠵᠣ ᠮᠠᠯᠴᠢᠳ ᠵᠢᠡᠨ ᠬᠠᠪᠰᠤᠷᠤᠨ ᠶᠠᠳᠠᠭᠤ ᠡᠴᠡ ᠠᠩᠬᠢᠵᠢᠷᠠᠭᠤᠯᠣᠭᠰᠠᠨ ᠢ ᠮᠠᠭᠳᠠᠨ ᠰᠠᠢᠢᠰᠢᠶᠠᠵᠣ᠂ ᠦᠷᠭᠡᠨ ᠤᠯᠠᠨ ᠮᠠᠯᠴᠢᠨ ᠢ ᠲᠡᠮᠨᠡᠯᠴᠡᠨ᠂ ᠠᠵᠢᠯᠴᠢ ᠬᠦᠳᠡᠯᠮᠤᠷᠢᠴᠢ ᠪᠡᠷ ᠪᠠᠶᠠᠵᠢᠨ ᠴᠢᠨᠡᠭᠡᠯᠢᠭᠵᠢᠭᠦ ᠵᠢ ᠵᠤᠷᠢᠬᠵᠢᠭᠤᠯᠪᠠ᠃

    ᠯᠢᠦ ᠶᠠᠨ ᠳ᠋ᠦᠩ《ᠡᠳᠦᠷ ᠪᠦᠷᠢ ᠵᠢᠨ ᠨᠠᠭᠠᠳᠤᠮ》ᠤᠯᠠᠨ ᠲᠦᠮᠡᠨ ᠤ ᠰᠤᠶᠤᠯ ᠤᠨ ᠰᠢᠨ᠎ᠠ ᠵᠢ ᠡᠭᠦᠳᠦᠭᠰᠡᠨ ᠠᠵᠢᠯᠯᠠᠭ᠎ᠠ ᠵᠢ ᠮᠠᠬᠳᠠᠨ ᠰᠠᠢᠢᠰᠢᠶᠠᠪᠠ᠃ ᠲᠡᠷᠡ᠂ ᠤᠨᠴᠠᠯᠢᠬᠳᠦ ᠵᠢᠭᠤᠯᠴᠢᠯᠠᠯ ᠤᠨ ᠦᠢᠯᠡᠰ ᠢ ᠶᠡᠭᠡᠪᠡᠷ ᠬᠦᠭᠵᠢᠭᠦᠯᠵᠤ᠂ ᠤᠯᠠᠨ ᠠᠷᠭ᠎ᠠ ᠵᠠᠮ ᠵᠢᠡᠷ ᠮᠠᠯᠴᠢᠨ ᠲᠠᠷᠢᠶᠠᠴᠢᠨ ᠤ ᠤᠷᠤᠯᠭ᠎ᠠ ᠵᠢ ᠨᠡᠮᠡᠭᠳᠡᠭᠦᠯᠦᠨ᠂ ᠶᠠᠳᠠᠭᠤ ᠡᠴᠡ ᠨᠢ ᠠᠩᠬᠢᠵᠢᠷᠠᠭᠤᠯᠤᠨ ᠴᠢᠨᠡᠭᠡᠯᠢᠭᠵᠢᠬᠦᠯᠬᠦ ᠰᠢᠨ᠎ᠠ ᠵᠠᠮ ᠢ ᠲᠠᠰᠤᠷᠠᠯᠳᠠ ᠦᠭᠡᠢ ᠨᠡᠭᠡᠭᠡᠭᠦ ᠬᠡᠷᠡᠭᠳᠡᠢ ᠬᠡᠪᠡ᠃

    ᠡᠧᠡᠩᠬᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠦᠨᠳᠦᠰᠦᠳᠡᠨ ᠤ ᠰᠤᠶᠤᠯ ᠤᠨ ᠠᠵᠤ ᠦᠢᠯᠡᠰ ᠤᠨ ᠦᠢᠯᠡᠰ ᠪᠤᠰᠬᠠᠬᠤ ᠬᠦᠷᠢᠶᠡᠯᠡᠩ ᠳ᠋ᠤ ᠯᠢᠦ ᠶᠠᠨ ᠳ᠋ᠦᠩ ᠦᠨᠳᠦᠰᠦᠳᠡᠨ ᠤ ᠪᠦᠳᠦᠭᠡᠯ ᠤᠨ ᠦᠵᠡᠰᠭᠦᠯᠡᠩ ᠢ ᠳᠣᠭᠣᠷᠢᠨ ᠦᠵᠡᠵᠦ᠂ ᠪᠡᠶᠡᠳᠦ ᠪᠤᠰᠤ ᠰᠤᠶᠤᠯ ᠤᠨ ᠦᠪ ᠤᠨ ᠤᠯᠠᠮᠵᠢᠯᠠᠬᠴᠢ ᠵᠢᠴᠢ ᠦᠢᠯᠡᠰ ᠪᠤᠰᠬᠠᠭᠴᠢᠳ ᠤᠨ ᠲᠦᠯᠦᠭᠡᠯᠡᠭᠴᠢ ᠵᠢ ᠲᠤᠬᠤᠨᠢᠭᠤᠯᠵᠠᠢ᠃ ᠲᠡᠷᠡ᠂ ᠤᠷᠴᠤᠨ᠂ ᠡᠧᠡᠩᠬᠢ᠂ ᠲᠠᠭᠤᠷ ᠵᠡᠷᠭᠡ ᠬᠦᠮᠦᠨ ᠠᠮᠠ ᠴᠦᠭᠡᠪᠳᠦᠷ ᠦᠨᠳᠦᠰᠦᠳᠡᠨ ᠢ ᠬᠠᠯᠠᠮᠵᠢᠯᠠᠨ ᠲᠡᠮᠵᠢᠵᠤ᠂ ᠠᠵᠤ ᠠᠬᠤᠢᠢᠯᠠᠯ ᠪᠠ ᠬᠤᠪᠢ ᠬᠦᠮᠦᠨ ᠤ《ᠰᠢᠨ᠎ᠠ ᠵᠢ ᠡᠭᠦᠳᠴᠤ ᠦᠢᠯᠡᠰ ᠪᠤᠰᠬᠠᠬᠤ》ᠠᠮᠢᠵᠢᠷᠠᠯ ᠤᠨ ᠬᠦᠴᠦᠨ ᠢ ᠬᠦᠭᠵᠢᠭᠡᠵᠤ᠂ ᠬᠦᠷᠢᠶᠡᠯᠡᠩ ᠲᠤᠭᠤᠷᠢᠭ ᠢ ᠦᠨᠳᠦᠰᠦᠳᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠬᠤ ᠭᠤᠯᠤᠮᠳᠠ ᠪᠤᠯᠭᠠᠨ ᠪᠦᠳᠦᠭᠡᠨ ᠪᠠᠢᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃

    ᠬᠤᠳᠠ ᠵᠢᠨ ᠢᠷᠠᠭᠣ ᠠᠯᠳᠠᠷᠳᠣ ᠬᠦᠷᠢᠶᠡᠯᠡᠩ ᠪᠠ ᠬᠡᠤᠭᠡᠳ ᠤᠨ ᠠᠰᠠᠷᠠᠮᠵᠢ ᠵᠢᠨ ᠬᠦᠷᠢᠶᠡᠯᠡᠩ ᠳ᠋ᠤ᠂ ᠯᠢᠦ ᠶᠠᠠ ᠳ᠋ᠦᠩ ᠠᠬᠠᠮᠠᠳ ᠴᠡᠷᠢᠭ ᠪᠠ ᠦᠨᠦᠴᠢᠨ ᠬᠡᠤᠭᠡᠳ ᠢ ᠲᠤᠬᠤᠨᠢᠭᠤᠯᠵᠠᠢ᠃ ᠤᠯᠤᠰ ᠤᠨ ᠠᠰᠠᠷᠠᠮᠵᠢ ᠬᠠᠷᠠᠭᠠᠯᠵᠠᠯ ᠪᠠ ᠦᠨᠦᠴᠢᠨ ᠵᠡᠮᠳᠡᠭ ᠬᠡᠤᠭᠡᠳ ᠤᠨ ᠠᠰᠠᠷᠠᠮᠵᠢ ᠵᠢᠨ ᠲᠦᠷᠦ ᠵᠢᠨ ᠪᠤᠳᠤᠯᠭ᠎ᠠ ᠵᠢ ᠰᠠᠢᠢᠳᠤᠷ ᠨᠡᠢᠢᠳᠡᠪᠦᠷᠢᠵᠢᠭᠤᠯᠵᠤ᠂ ᠨᠠᠰᠤᠳᠠᠢᠢᠴᠤᠳ ᠤᠨ ᠦᠳᠡᠯᠦᠭᠡ ᠨᠠᠰᠤ ᠵᠢ ᠨᠢ ᠵᠤᠯ ᠵᠢᠷᠭᠠᠯ ᠲᠠᠢ ᠦᠩᠭᠡᠷᠡᠭᠦᠯᠵᠤ᠂ ᠬᠡᠤᠭᠡᠳ ᠢ ᠨᠡᠢᠢᠭᠡᠮ ᠤᠨ ᠲᠤᠮᠤ ᠬᠡᠷ ᠪᠦᠯᠢ ᠵᠢᠨ ᠬᠠᠢᠢᠷ᠎ᠠ ᠬᠠᠯᠠᠮᠵᠢ ᠪᠡᠷ ᠡᠷᠡᠭᠦᠯ ᠵᠢᠡᠷ ᠦᠰᠭᠡᠨ ᠪᠤᠢᠢᠵᠢᠭᠤᠯᠬᠤ ᠬᠡᠷᠡᠭᠳᠡᠢ ᠬᠡᠵᠤ ᠲᠡᠷᠡ ᠴᠢᠬᠤᠯᠠᠴᠢᠯᠠᠪᠠ᠃

    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠩᠭᠤ ᠵᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠢᠢᠩᠭᠤ ᠵᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠪᠠᠷ᠎ᠠ ᠪᠤᠯᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121467855