蒙古文网站Logo
ᠰᠢᠨᠬᠤᠸᠠ ᠮᠤᠩᠭ᠋ᠤᠯ ᠨᠧᠲ

ᠢᠤᠢ ᠵᠸᠡᠭ ᠱᠸᠡᠭ ᠲᠦᠪ ᠤᠨ ᠲᠦᠯᠦᠭᠡᠯᠡᠬᠦ ᠪᠠᠭ ᠤᠨ ᠨᠢᠭᠡᠲᠦᠭᠡᠷ ᠰᠠᠯᠪᠤᠷᠢ ᠪᠠᠭ ᠢ ᠲᠠᠭᠠᠭᠤᠯᠣᠨ ᠬᠢᠡᠭᠭᠠᠨ ᠠᠢᠢᠮᠠᠬ ᠲᠦ ᠬᠦᠷᠴᠦ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠪ ᠲᠤᠬᠤᠨᠢᠭᠤᠯᠪᠠ

2017-08-12 17:05

    ᠰᠢᠨᠬᠤᠸᠠ ᠬᠤᠷᠢᠶ᠎ᠠ   ᠤᠯᠠᠭᠠᠨᠬᠤᠲᠠ ᠶᠢᠨ 8 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠶᠠᠩ ᠸᠸᠢ ᠬᠠᠨ᠂ ᠷᠦ᠋ᠩ ᠴᠢ ᠬᠠᠨ)ᠰᠢ ᠵᠢᠨ ᠫᠢᠡᠭ ᠨᠦᠭᠦᠷ ᠵᠢᠡᠷ ᠭᠤᠤᠯ ᠪᠤᠯᠭᠠᠬᠰᠨᠨ ᠨᠠᠮ ᠤᠨ ᠲᠦᠪ ᠬᠤᠷᠢᠶ᠎ᠠ ᠵᠢᠨ ᠲᠤᠳᠤᠨᠤ ᠬᠠᠯᠠᠮᠵᠢᠯᠠᠯ ᠪᠠ ᠪᠦᠬᠦ ᠤᠯᠤᠰ ᠤᠨ ᠦᠨᠳᠦᠰᠦᠳᠡᠨ ᠨᠤᠬᠦᠳ ᠤᠨ ᠠᠷᠠᠳ ᠲᠦᠮᠡᠨ ᠤ ᠴᠢᠡᠭ ᠰᠡᠳᠬᠢᠯ ᠤᠨ ᠬᠦᠰᠡᠯ ᠵᠦᠡᠭᠨᠡᠯ ᠢ ᠡᠪᠤᠷᠯᠡᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠵᠢᠨ ᠤᠯᠤᠰ ᠲᠦᠷᠤ ᠵᠢᠨ ᠲᠤᠪᠴᠢᠶ᠎ᠠ ᠵᠢᠨ ᠪᠠᠢᠢᠡᠭᠭᠤ ᠵᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠵᠢᠨ ᠵᠦᠪᠯᠡᠯᠭᠡᠨ ᠤ ᠲᠡᠷᠢᠭᠦᠯᠡᠭᠴᠢ᠂ ᠲᠦᠪ ᠤᠨ ᠲᠦᠯᠦᠭᠡᠯᠡᠬᠦ ᠪᠠᠭ ᠤᠨ ᠲᠠᠷᠤᠭ᠎ᠠ ᠢᠤᠢ ᠵᠸᠡᠭ ᠱ᠋ᠸᠡᠭ 8 ᠰᠠᠷ᠎ᠠ ᠶᠢᠨ11 ᠤ ᠡᠳᠦᠷ ᠲᠦᠪ ᠤᠨ ᠲᠦᠯᠦᠭᠡᠯᠡᠬᠦ ᠪᠠᠭ ᠤᠨ ᠨᠢᠭᠡᠲᠦᠭᠡᠷ ᠰᠠᠯᠪᠤᠷᠢ ᠪᠠᠭ ᠢ ᠲᠠᠭᠠᠭᠤᠯᠤᠨ ᠬᠢᠡᠭᠭᠠᠨ ᠠᠢᠢᠮᠠᠬ ᠲᠦ ᠬᠦᠷᠴᠤ ᠦᠨᠳᠦᠰᠦᠳᠡᠨ ᠨᠤᠬᠦᠳ ᠤᠨ ᠺᠠᠳ᠋ᠷ ᠤᠯᠠᠨ ᠲᠦᠮᠡᠨ ᠢ ᠪᠤᠯᠭᠤᠭᠠᠨ ᠦᠵᠡᠵᠤ ᠲᠤᠬᠤᠨᠢᠭᠤᠯᠤᠨ᠂ ᠦᠪᠤᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠬᠠᠮᠳᠤᠪᠠᠷ ᠪᠡᠯᠭᠡᠯᠡᠪᠡ᠃

    11 ᠤ ᠡᠳᠦᠷ ᠤᠨ ᠦᠳᠡ ᠵᠢᠨ ᠡᠮᠦᠨ᠎ᠠ᠂ ᠢᠤᠢ ᠵᠸᠡᠭ ᠱ᠋ᠸᠡᠭ ᠨᠠᠷ ᠤᠯᠠᠭᠠᠨᠬᠤᠳᠠ ᠵᠢᠨ ᠬᠠᠨ ᠠᠭᠤᠯᠠ ᠠᠮᠢ ᠠᠬᠤᠢ ᠵᠢ ᠰᠡᠷᠬᠦᠭᠡᠬᠦ ᠵᠢᠱᠢᠶ᠎ᠠ ᠦᠵᠡᠭᠦᠯᠭᠦ ᠲᠤᠭᠤᠷᠢᠭ ᠲᠦ ᠬᠦᠷᠴᠤ᠂ ᠠᠮᠢ ᠠᠬᠤᠢ ᠶᠢ ᠰᠡᠷᠭᠦᠭᠡᠨ ᠵᠠᠰᠠᠬᠤ ᠪᠠ ᠲᠦᠭᠦᠮ ᠪᠦᠲᠦᠴᠡᠳᠤ ᠤᠷᠤᠨ ᠰᠠᠭᠤᠴᠠ ᠶᠢ ᠦᠭᠡᠷᠡᠴᠢᠯᠠᠨ ᠪᠠᠢᠢᠭᠤᠯᠬᠤ ᠵᠢ ᠠᠬᠢᠭᠣᠯᠣᠭᠰᠠᠨ ᠪᠠᠢᠢᠳᠠᠯ ᠢ ᠰᠢᠨᠵᠢᠯᠠᠨ ᠪᠠᠢᠢᠴᠠᠭᠠᠪᠠ᠃ ᠲᠡᠷᠡ᠂ ᠰᠠᠢᠢᠨ ᠰᠠᠢᠢᠬᠠᠨ ᠠᠮᠢ ᠠᠬᠤᠢ ᠵᠢᠨ ᠤᠷᠴᠢᠨ ᠲᠤᠭᠤᠷᠢᠨ ᠪᠤᠯ ᠬᠢᠡᠭᠭᠠᠨ ᠠᠢᠢᠮᠠᠬ ᠤᠨ ᠨᠦᠭᠡᠴᠡ ᠬᠦᠴᠦᠨ ᠪᠠ ᠲᠠᠪᠠᠭᠤᠯᠢᠭ ᠪᠣᠯᠣᠨ᠎ᠠ᠂ ᠬᠦᠭ᠍ᠵᠢᠭᠦᠯᠭᠦ ᠲᠤᠮᠳᠠ ᠪᠠᠨ ᠬᠠᠮᠠᠭᠠᠯᠠᠵᠦ ᠬᠠᠮᠠᠭᠠᠯᠠᠬᠤ ᠲᠤᠮᠳᠠ ᠪᠠᠨ ᠬᠦᠭ᠍ᠵᠢᠭᠦᠯᠬᠦ ᠵᠢ ᠪᠠᠷᠢᠮᠳᠠᠯᠠᠵᠣ᠂ ᠪᠤᠬᠢᠷᠳᠤᠯ ᠦᠭᠡᠢ ᠬᠦᠭ᠍ᠵᠢᠯᠳᠠ ᠪᠡᠷ ᠠᠢᠢᠮᠠᠬ ᠢᠶᠡᠨ ᠮᠠᠨᠳᠤᠭᠤᠯᠵᠦ ᠠᠷᠠᠳ ᠲᠦ ᠠᠰᠢᠭ ᠬᠦᠷᠳᠡᠭᠡᠭᠦ ᠬᠦᠭ᠍ᠵᠢᠯᠳᠠ ᠵᠢᠨ ᠵᠠᠮ ᠢᠶᠡᠷ ᠵᠠᠮᠨᠠᠬᠣ ᠬᠡᠷᠡᠭᠳᠡᠢ ᠭᠡᠵᠦ ᠵᠢᠭᠠᠵᠦ ᠭᠠᠷᠭᠠᠵᠠᠢ᠃

    ᠤᠯᠠᠭᠠᠨᠬᠤᠳᠠ ᠵᠢᠨ ᠪᠤᠬᠢᠷᠳᠤᠯ ᠦᠭᠡᠢ ᠤᠷᠭᠠᠨᠢᠭ ᠤᠰᠤᠨ ᠲᠤᠳᠤᠷᠭ᠎ᠠ ᠵᠢᠨ ᠲᠠᠷᠢᠮᠠᠯ ᠤᠨ ᠵᠢᠱᠢᠶ᠎ᠠ ᠦᠵᠡᠭᠦᠯᠭᠦ ᠬᠦᠷᠢᠶᠠᠯᠠᠡᠭ ᠲᠤᠭᠤᠷᠢᠭ ᠲᠦ᠂ ᠢᠦᠢ ᠵᠸᠩ ᠱᠸᠩ ᠲᠠᠷᠢᠶᠠᠨ ᠦᠵᠦᠭᠦᠷ ᠱ᠋ᠠᠡᠭ ᠤᠨ ᠲᠡᠷᠭᠡᠳᠡ ᠬᠦᠷᠴᠦ ᠤᠰᠤᠨ ᠲᠤᠳᠤᠷᠭ᠎ᠠ ᠵᠢᠨ ᠲᠠᠷᠢᠮᠠᠯ ᠤᠨ ᠡᠷᠦᠭᠡ ᠵᠢᠨ ᠬᠢᠨ ᠲᠠᠢ ᠲᠤᠳᠤᠨᠤ ᠪᠡᠷ ᠶᠠᠷᠢᠯᠴᠠᠪᠠ᠃ ᠲᠡᠷᠡ᠂ ᠪᠤᠬᠢᠷᠳᠤᠯ ᠦᠭᠡᠢ ᠴᠢᠨᠠᠷ ᠰᠠᠢᠢᠳᠠᠢ ᠲᠠᠷᠢᠶᠠᠯᠠᠡᠭ ᠤᠨ ᠪᠦᠲᠦᠭᠡᠭ᠍ᠳᠡᠭᠦᠨ ᠤ ᠬᠠᠡᠭᠭᠠᠯᠭ᠎ᠠ ᠵᠢ ᠨᠡᠮᠡᠭᠳᠡᠭᠦᠯᠭᠦ ᠵᠢ ᠲᠤᠪᠤᠢᠢᠮ᠎ᠠ ᠪᠠᠢᠢᠷᠢᠨ ᠳᠤ ᠲᠠᠯᠪᠢᠵᠦ᠂ ᠬᠢᠡᠭᠭᠠᠨ ᠠᠢᠢᠮᠠᠬ ᠤᠨ ᠪᠤᠬᠢᠷᠳᠤᠯ ᠦᠭᠡᠢ ᠳᠠᠷᠢᠶᠠᠯᠠᠩ ᠤᠨ ᠪᠦᠲᠦᠭᠡᠭ᠍ᠳᠡᠭᠦᠨ ᠤ ᠨᠡᠷ᠎ᠠ ᠠᠯᠳᠠᠷᠰᠢᠯ ᠪᠠ ᠵᠠᠬ᠎ᠠ ᠲᠡᠯᠭᠡᠭᠦᠷ ᠤᠨ ᠦᠷᠢᠰᠦᠯᠳᠦᠭᠦ ᠬᠦᠴᠦᠨ ᠢ ᠲᠡᠰᠤᠷᠠᠯᠳᠠ ᠦᠭᠡᠢ ᠲᠡᠭᠡᠭ᠍ᠰᠢᠯᠡᠭᠦᠯᠭᠦ ᠬᠡᠷᠡᠭᠳᠡᠢ ᠭᠡᠵᠦ ᠵᠢᠭᠠᠵᠦ ᠭᠠᠷᠭᠠᠪᠠ᠃ ᠤᠯᠠᠭᠠᠨᠬᠤᠳᠠ ᠵᠢᠨ ᠢᠯᠠᠯᠳᠠ ᠭᠠᠴᠠᠭ᠎ᠠ ᠳᠤ᠂ ᠢᠦᠢ ᠵᠸᠩ ᠱᠸᠩ ᠪᠦᠭᠦ ᠭᠠᠴᠠᠭ᠎ᠠ ᠵᠢᠨ ᠦᠨᠳᠦᠰᠦᠨ ᠱ᠋ᠠᠳᠤᠨ ᠤ ᠨᠠᠮ ᠤᠨ ᠪᠠᠢᠢᠭᠤᠯᠤᠯᠳᠠ ᠪᠠ ᠦᠨᠳᠦᠰᠦᠳᠡᠨ ᠤ ᠪᠦᠯᠭᠦᠮᠳᠠᠯ ᠤᠨ ᠠᠵᠢᠯ ᠵᠢᠴᠢ ᠶᠠᠳᠠᠭᠤ ᠡᠴᠡ ᠠᠩᠭᠢᠵᠢᠷᠠᠭᠤᠯᠵᠤ ᠪᠤᠭᠤᠮᠳᠠ ᠰᠢᠪᠳᠤᠯᠬᠤ ᠠᠵᠢᠯ  ᠦᠷᠨᠢᠭᠦᠯᠵᠦ ᠪᠠᠢᠢᠭ᠎ᠠ ᠪᠠᠢᠢᠳᠠᠯ ᠢ ᠨᠠᠷᠢᠨ ᠤᠢᠢᠯᠠᠭᠠᠵᠦ᠂ ᠠᠷᠠᠳ ᠤᠯᠠᠨ ᠤ ᠠᠮᠢᠳᠤᠷᠠᠯ ᠤᠯᠠᠮ ᠵᠢᠡᠷ ᠰᠠᠢᠢᠵᠢᠷᠠᠬᠤ ᠵᠢ ᠵᠦᠡᠭᠨᠡᠪᠠ᠃ ᠵᠠᠯᠭᠠᠭᠠᠳ ᠢᠦᠢ ᠵᠸᠩ ᠱᠸᠩ ᠮᠣᠩᠭᠣᠯ ᠲᠠᠷᠢᠶᠠᠴᠢᠨ ᠪᠤᠤ ᠶᠠᠨ ᠵᠢᠶᠦ᠋ᠨ ᠤ ᠭᠡᠷ ᠲᠦ ᠬᠦᠷᠴᠤ᠂ ᠦᠢᠯᠡᠳᠪᠤᠷᠢᠯᠡᠯ ᠠᠵᠢᠯ ᠠᠮᠢᠳᠤᠷᠠᠯ ᠤᠨ ᠬᠢᠨᠢ ᠪᠠᠢᠢᠳᠠᠯ ᠢ ᠨᠠᠷᠢᠨ ᠠᠰᠠᠭᠤᠨ ᠯᠠᠪᠯᠠᠵᠦ᠂ ᠲᠡᠬᠦᠨ ᠢ ᠰᠢᠨᠵᠢᠯᠡᠭᠦ ᠤᠬᠠᠭᠠᠨᠴᠢ ᠪᠡᠷ ᠲᠠᠷᠢᠵᠦ ᠡᠵᠡᠡᠭᠨᠡᠨ ᠤᠷᠤᠯᠭ᠎ᠠ ᠪᠠᠨ ᠲᠤᠬᠳᠠᠭᠤᠨ ᠵᠢᠡᠷ ᠨᠡᠮᠡᠭᠳᠡᠭᠦᠯᠦᠭᠡᠷᠡᠢ ᠭᠡᠵᠤ ᠵᠤᠷᠢᠬᠵᠢᠭᠤᠯᠪᠠ᠃

    ᠦᠳᠡ ᠵᠢᠨ ᠦᠶ᠎ᠠ ᠪᠡᠷ᠂ ᠢᠦᠢ ᠵᠸᠩ ᠱᠸᠩ ᠬᠢᠡᠭᠭᠠᠨ ᠠᠢᠢᠮᠠᠬ ᠤᠨ ᠢᠷᠠᠭᠤ ᠠᠯᠳᠠᠷᠳᠤ ᠬᠦᠷᠢᠶᠠᠯᠠᠡᠭ ᠳᠤ ᠬᠦᠷᠴᠤ᠂ ᠡᠨᠳᠡ ᠠᠮᠢᠳᠤᠷᠠᠵᠦ ᠪᠠᠢᠢᠭ᠎ᠠ ᠠᠬᠠᠮᠠᠳ ᠨᠦᠭᠦᠳ ᠢ ᠲᠤᠳᠤᠨᠤ ᠪᠡᠷ ᠪᠤᠯᠭᠤᠭᠠᠨ ᠦᠵᠡᠵᠦ᠂ ᠲᠡᠳᠡᠨ ᠲᠠᠢ ᠰᠡᠳᠬᠢᠯ ᠤᠨ ᠦᠭᠡ ᠪᠠᠨ ᠶᠠᠷᠢᠯᠴᠠᠪᠠ ᠃ ᠠᠬᠠᠮᠠᠳ ᠨᠦᠬᠦᠳ ᠡᠨᠳᠡ ᠲᠠᠭᠠᠯᠠᠮᠵᠢᠳᠠᠢ ᠠᠮᠢᠳᠤᠷᠠᠵᠦ ᠪᠠᠢᠢᠬᠤ ᠵᠢ ᠬᠠᠷᠠᠭᠠᠳ ᠢᠤᠢ ᠢᠦᠢ ᠵᠸᠩ ᠱᠸᠩ ᠪᠠᠶᠠᠷᠯᠠᠵᠦ᠂ ᠲᠡᠳᠡᠨᠠᠷ ᠤᠨ ᠤᠷᠳᠤ ᠨᠠᠰᠤᠯᠠᠵᠦ ᠤᠳᠠᠭᠠᠨ ᠵᠢᠷᠭᠠᠬᠤ ᠵᠢ ᠵᠦᠡᠭᠨᠡᠬᠦ ᠵᠢᠨ ᠬᠠᠮᠳᠣ ᠠᠵᠢᠯᠳᠠᠳ ᠲᠦ ᠤᠯᠤᠰ ᠤᠨ ᠠᠰᠠᠷᠠᠮᠵᠢ ᠬᠠᠷᠠᠭᠠᠯᠵᠠᠯ ᠤᠨ ᠲᠦᠷᠦ ᠵᠢᠨ ᠪᠤᠳᠤᠯᠭ᠎ᠠ ᠵᠢ ᠴᠢᠨᠠᠬᠰᠢᠳᠠ ᠰᠠᠢᠢᠳᠤᠷ ᠨᠠᠢᠢᠳᠠᠪᠤᠷᠢᠵᠢᠭᠤᠯᠵᠦ᠂ ᠠᠬᠠᠮᠠᠳ ᠨᠦᠭᠦᠳ ᠤᠨ ᠠᠮᠢᠳᠤᠷᠠᠯ ᠢ ᠰᠠᠢᠢᠳᠤᠷ ᠬᠠᠷᠠᠭᠠᠯᠵᠠᠨ ᠪᠡᠶ᠎ᠠ ᠮᠠᠬᠠᠪᠤᠳ ᠢ ᠨᠢ ᠰᠠᠢᠢᠳᠤᠷ ᠠᠰᠠᠷᠠᠵᠦ᠂ ᠦᠳᠡᠯᠦᠭᠡ ᠨᠠᠰᠦ ᠵᠢ ᠨᠢ ᠪᠠᠶᠠᠷ ᠵᠢᠷᠭᠠᠯ ᠳᠠᠢ ᠦᠩᠭᠡᠷᠡᠭᠦᠯᠦᠭᠡᠷᠡᠢ ᠭᠡᠵᠤ ᠵᠠᠬᠢᠪᠠ᠃

    ᠤᠯᠠᠭᠠᠨᠬᠤᠳᠠ ᠳᠤ ᠪᠠᠢᠢᠷᠢᠯᠠᠵᠣ ᠪᠠᠢᠢᠭ᠎ᠠ《 ᠲᠠᠪᠤ ᠨᠢᠭᠡ ᠵᠢᠨ ᠬᠤᠷᠠᠯ ᠤᠨ ᠭᠠᠵᠠᠷ》 ᠪᠤᠯ ᠮᠠᠨ ᠤ ᠤᠯᠤᠰ ᠤᠨ ᠣᠣᠭᠠᠨ ᠮᠤᠵᠢ ᠵᠢᠨ ᠲᠡᠰ ᠤᠨ ᠴᠦᠭᠡᠨ ᠲᠤᠭᠠᠳᠤ ᠦᠨᠳᠦᠰᠦᠳᠡᠨ ᠤ ᠦᠪᠡᠷᠳᠡᠭᠡᠨ ᠵᠠᠰᠠᠬᠤ ᠵᠠᠰᠠᠬ ᠤᠨ ᠡᠷᠭᠡ - ᠦᠪᠤᠷ ᠮᠤᠡᠭᠭᠤᠯ ᠤᠨ ᠦᠪᠡᠷᠳᠡᠭᠡᠨ ᠵᠠᠰᠠᠬᠤ ᠵᠠᠰᠠᠬ ᠤᠨ ᠤᠷᠳᠤᠨ ᠤ ᠮᠡᠨᠳᠦᠯᠡᠭᠰᠡᠨ ᠭᠠᠵᠠᠷ ᠪᠤᠯᠤᠨ᠎ᠠ᠃

    11 ᠤ ᠦᠳᠡ ᠡᠴᠡ ᠬᠤᠢᠢᠨ᠎ᠠ᠂ ᠢᠦᠢ ᠵᠸᠩ ᠱᠸᠩ ᠡᠨᠳᠡ ᠢᠷᠡᠵᠦ᠂ ᠲᠡᠯᠭᠡᠨ ᠦᠵᠡᠭᠦᠯᠵᠦ ᠪᠠᠢᠢᠭ᠎ᠠ ᠭᠡᠷᠡᠯ ᠵᠢᠷᠤᠬ᠂ ᠪᠤᠳᠠᠰ ᠪᠠ ᠪᠠᠷᠢᠮᠳᠠᠳᠤ ᠳᠦᠷᠰᠦ ᠰᠢᠩᠭᠡᠭᠡᠯᠳᠡ ᠵᠢ ᠬᠢᠨᠠᠮᠠᠭᠠᠢ ᠰᠤᠨᠢᠷᠬᠠᠨ ᠦᠵᠡᠵᠦ᠂ ᠪᠠᠢᠢᠳᠠᠯ ᠤᠨ ᠲᠤᠬᠠᠢ ᠲᠠᠨᠢᠯᠴᠠᠭᠤᠯᠭ᠎ᠠ ᠵᠢ ᠬᠢᠨᠠᠮᠠᠭᠠᠢ ᠰᠤᠨᠤᠰᠴᠠᠢ᠃ ᠲᠡᠷᠡ᠂ ᠡᠨᠡ ᠡᠳᠦᠷ ᠤᠯᠠᠨ ᠲᠠᠢ ᠬᠠᠮᠳᠤᠪᠡᠷ ᠬᠤᠪᠢᠰᠬᠠᠯ ᠤᠨ ᠲᠡᠤᠭᠡ ᠵᠢ ᠡᠷᠭᠢᠴᠡᠭᠦᠯᠵᠦ᠂ ᠬᠠᠮᠳᠣᠪᠡᠷ ᠠᠬᠠᠮᠠᠳ ᠨᠢᠭᠡ ᠦᠶ᠎ᠠ ᠵᠢᠨ ᠬᠤᠪᠢᠰᠬᠠᠯᠴᠢᠳ ᠢ ᠲᠤᠷᠠᠰᠣᠨ ᠰᠠᠨᠠᠭᠠᠯᠵᠠᠪᠠ᠂ ᠬᠢᠯᠪᠠᠷ ᠪᠤᠰᠤ ᠪᠡᠷ ᠢᠷᠡᠭᠰᠡᠨ ᠦᠨᠤᠳᠤᠷ ᠤᠨ ᠰᠠᠢᠢᠨ ᠰᠠᠢᠢᠬᠠᠨ ᠪᠠᠢᠢᠳᠠᠯ ᠵᠢᠡᠨ ᠬᠤᠪᠢ ᠲᠠᠬᠢᠨ ᠨᠠᠨᠳᠢᠡᠭᠨᠡᠵᠤ᠂ ᠪᠢᠳᠠ ᠠᠮᠠᠯᠠᠯᠲᠠ ᠪᠡᠨ ᠦᠯᠤ ᠮᠠᠷᠳᠠᠵᠤ ᠦᠷᠬᠦᠯᠵᠢᠯᠡᠨ ᠤᠷᠤᠬᠰᠢᠯᠠᠵᠣ᠂ ᠲᠤᠮᠳᠠᠳᠤ ᠤᠯᠤᠰ ᠤᠨ ᠤᠨᠴᠠᠯᠢᠭ ᠳᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠭᠦ ᠵᠦᠪ ᠵᠠᠮ ᠢᠶᠡᠷ ᠡᠷᠡᠰ ᠭᠤᠢᠢᠪᠢᠰᠢ ᠦᠭᠡᠢ ᠵᠠᠮᠨᠠᠬᠤ ᠬᠡᠷᠡᠭᠳᠡᠢ ᠭᠡᠰᠡᠨ ᠪᠠᠢᠢᠨ᠎ᠠ᠃

    ᠢᠦᠢ ᠵᠸᠩ ᠱᠸᠩ ᠦᠨᠳᠦᠰᠦᠳᠡᠨ ᠤ ᠰᠤᠷᠭᠠᠨ ᠬᠦᠮᠦᠵᠢᠯ ᠢ ᠲᠤᠡᠭ ᠬᠠᠯᠠᠮᠵᠢᠯᠠᠵᠦ ᠲᠤᠰᠬᠠᠢᠢᠯᠠᠨ ᠤᠯᠠᠭᠠᠨᠬᠤᠳᠠ ᠮᠤᠡᠭᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ ᠬᠦᠷᠴᠤ᠂ ᠰᠤᠷᠭᠠᠭᠤᠯᠢ ᠡᠷᠬᠢᠯᠡᠵᠦ ᠪᠠᠢᠢᠭ᠎ᠠ ᠪᠠᠢᠢᠳᠠᠯ ᠢ  ᠤᠢᠢᠯᠠᠭᠠᠨ ᠪᠠᠬᠰᠢ ᠰᠤᠷᠤᠬᠴᠢᠳ ᠲᠠᠢ ᠰᠠᠨᠠᠯ ᠪᠤᠳᠤᠯ ᠵᠢᠡᠨ ᠰᠤᠯᠢᠯᠴᠠᠪᠠ᠃ ᠡᠨᠡᠭᠦ ᠦᠨᠢ ᠤᠳᠠᠭᠠᠨ ᠲᠡᠤᠭᠡ ᠲᠠᠢ ᠦᠨᠳᠦᠰᠦᠳᠡᠨ ᠤ ᠪᠠᠭ᠎ᠠ ᠰᠤᠷᠭᠠᠭᠤᠯᠢ ᠤᠳᠤᠬᠠᠨ ᠪᠤᠯᠳᠠᠯ᠎ᠠ ᠨᠢᠭᠡᠨᠳᠡ 3 ᠲᠦᠮᠡ ᠭᠠᠷᠤᠢ ᠴᠦᠭᠡᠨ ᠲᠤᠭᠠᠳᠤ ᠦᠨᠳᠦᠰᠦᠳᠡᠨ ᠤ ᠴᠢᠳᠠᠪᠤᠷᠢᠳᠠᠨ ᠬᠦᠮᠦᠵᠢᠭᠦᠯᠦᠭᠰᠡᠨ ᠢ ᠰᠤᠨᠤᠰᠤᠭᠠᠳ ᠢᠦᠢ ᠵᠸᠩ ᠱᠸᠩ ᠮᠠᠰᠢ ᠪᠠᠶ᠍ᠠᠷᠯᠠᠪᠠ᠃ ᠲᠡᠷᠡ ᠰᠤᠷᠭᠠᠭᠤᠯᠢ ᠡᠷᠭᠢᠯᠡᠭᠦ ᠲᠦᠪᠰᠢᠨ ᠵᠢᠡᠨ ᠴᠢᠷᠮᠠᠢᠢᠨ ᠲᠡᠭᠡᠭ᠍ᠰᠢᠯᠡᠭᠦᠯᠵᠦ᠂ ᠦᠨᠳᠦᠰᠦᠳᠡᠨ ᠤ ᠭᠠᠵᠠᠷ ᠤᠷᠤᠨ ᠤ ᠬᠦᠭ᠍ᠵᠢᠯᠳᠠ ᠵᠢ ᠲᠦᠷᠭᠡᠳᠭᠡᠭᠦ ᠳᠤ ᠨᠡᠡᠭ ᠤᠯᠠᠨ ᠰᠢᠯᠢᠳᠡᠭ ᠴᠢᠳᠠᠪᠤᠷᠢᠳᠠᠨ ᠢ ᠬᠦᠮᠦᠵᠢᠭᠦᠯᠦᠨ ᠦᠭ᠍ᠬᠦᠭᠡᠷᠡᠢ ᠭᠡᠵᠤ ᠵᠤᠷᠢᠬᠵᠢᠭᠤᠯᠪᠠ᠃ ᠬᠢᠡᠭᠭᠠᠨ ᠠᠢᠢᠮᠠᠬ ᠲᠦ ᠪᠠᠢᠢᠭᠰᠠᠨ ᠬᠤᠭᠤᠴᠠᠭᠠᠨ ᠳᠤ ᠪᠡᠨ᠂ ᠢᠦᠢ ᠵᠸᠩ ᠱᠸᠩ ᠲᠤᠬᠠᠢ ᠵᠢᠨ ᠭᠠᠵᠠᠷ ᠤᠨ ᠡᠯ᠎ᠠ ᠦᠨᠳᠦᠰᠦᠳᠡᠨ ᠡᠯ᠎ᠠ ᠡᠳᠡᠭᠡᠳ ᠤᠨ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠳᠠᠢ ᠲᠤᠳᠤᠨᠤ ᠪᠡᠷ ᠠᠭᠤᠯᠵᠠᠬᠣ ᠵᠢᠨ ᠬᠠᠮᠳᠣ ᠦᠪᠤᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠪᠠᠢᠢᠭᠤᠯᠤᠬᠳᠠᠬᠰᠠᠨ 70 ᠵᠢᠯ ᠤᠨ ᠤᠢ ᠵᠢ ᠪᠡᠯᠭᠡᠯᠡᠭᠦ ᠬᠢᠡᠭᠭᠠᠨ ᠠᠢᠢᠮᠠᠬ ᠤᠨ ᠶᠠᠷᠢᠯᠴᠠᠬᠤ ᠬᠤᠷᠠᠯ ᠳᠤ ᠤᠷᠤᠯᠴᠠᠪᠠ ᠃ ᠺᠠᠳ᠋ᠷ ᠤᠯᠠᠨ ᠲᠦᠮᠡᠨ ᠤ ᠲᠦᠯᠦᠭᠡᠯᠡᠭᠴᠢᠳ ᠤᠨ ᠶᠠᠷᠢᠬᠤ ᠵᠢ ᠬᠢᠨᠠᠮᠠᠭᠠᠢ ᠰᠤᠨᠤᠰᠤᠬᠰᠠᠨ ᠤ ᠲᠠᠷᠠᠭ᠎ᠠ᠂ ᠢᠦᠢ ᠵᠸᠩ ᠱᠸᠩ ᠬᠢᠡᠭᠭᠠᠨ ᠠᠢᠢᠮᠠᠬ ᠤᠨ 70 ᠵᠢᠯ ᠤᠨ ᠬᠦᠭ᠍ᠵᠢᠯᠳᠠ ᠪᠦᠲᠦᠭᠡᠨ ᠪᠠᠢᠢᠭᠤᠯᠤᠯᠳᠠ ᠵᠢ ᠨᠤᠳᠠᠯᠠᠪᠡ᠃ ᠲᠡᠷᠡ᠂ ᠶᠡᠷᠦᠩᠬᠡᠢ ᠱᠦᠵᠢ ᠰᠢ ᠵᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠤᠯᠤᠰ ᠢ ᠵᠠᠰᠠᠵᠤ ᠲᠦᠷᠦ ᠪᠠᠷᠢᠬᠤ ᠰᠢᠨ᠎ᠠ ᠤᠢᠢᠯᠠᠭᠠᠬᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠢᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ ᠤᠨ《7·26》 ᠤ ᠴᠢᠬᠤᠯᠠ ᠶᠠᠷᠢᠶ᠎ᠠ ᠵᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ᠂ ᠶᠠᠳᠠᠭᠤ ᠡᠴᠡ ᠪᠠᠨ ᠠᠩᠭᠢᠵᠢᠷᠠᠨ ᠴᠢᠨᠡᠭᠡᠯᠢᠭ᠍ᠵᠢᠬᠦ ᠠᠯᠬᠤᠭ᠎ᠠ ᠪᠠᠨ ᠲᠦᠷᠭᠡᠳᠭᠡᠵᠦ᠂ ᠡᠭᠡ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ ᠵᠢᠨ ᠠᠮᠤᠷ ᠲᠦᠪᠰᠢᠨ ᠤ ᠬᠠᠯᠬᠠᠪᠴᠢ ᠵᠢ ᠪᠠᠳᠣ ᠴᠣᠭᠴᠠᠯᠠᠨ ᠦᠨᠳᠦᠰᠦᠳᠡᠨ ᠨᠤᠬᠦᠳ ᠤᠨ ᠤᠯᠠᠨ ᠲᠦᠮᠡᠨ ᠢ ᠰᠠᠢᠢᠨ ᠰᠠᠢᠢᠬᠠᠨ ᠠᠮᠢᠳᠣᠷᠠᠭᠣᠯᠵᠣ᠂ ᠬᠢᠡᠭᠭᠠᠨ ᠠᠢᠢᠮᠠᠬ ᠤᠨ ᠨᠠᠡᠭ ᠬᠡᠷᠡᠯ ᠰᠠᠴᠤᠷᠠᠡᠭᠭᠤᠢ ᠢᠷᠡᠭᠡᠳᠤᠢ ᠶᠢ ᠪᠢᠴᠢᠭᠯᠡᠭᠦ ᠬᠡᠷᠡᠭᠳᠡᠢ ᠭᠡᠵᠦ ᠵᠢᠭᠠᠵᠦ ᠭᠠᠷᠭᠠᠵᠠᠢ᠃

    ᠲᠦᠪ ᠤᠨ ᠲᠦᠯᠦᠭᠡᠯᠡᠬᠦ ᠪᠠᠭ ᠤᠨ ᠲᠡᠳ᠋ ᠲᠠᠷᠤᠭ᠎ᠠ ᠸᠠᠩ ᠵᠸᠩ ᠸᠸᠢ᠂ ᠵᠠᠡᠭ ᠶᠠᠡᠭ ᠪᠤᠯᠤᠨ ᠲᠦᠪ ᠤᠨ ᠲᠦᠯᠦᠭᠡᠯᠡᠬᠦ ᠪᠠᠭ ᠤᠨ ᠨᠢᠭᠡᠲᠦᠭᠡᠷ ᠰᠠᠯᠪᠤᠷᠢ ᠪᠠᠭ ᠤᠨ ᠪᠦᠭᠦ ᠪᠦᠷᠢᠯᠳᠦᠭᠦᠨ ᠲᠤᠬᠤᠨᠢᠭᠤᠯᠬᠤ ᠠᠵᠢᠯᠯᠠᠭ᠎ᠠ ᠳᠤ ᠤᠷᠤᠯᠴᠠᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠱᠦᠵᠢ᠂ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠡᠭᠭᠤ ᠵᠢᠨ ᠬᠤᠷᠢᠶ᠎ᠠ ᠵᠢᠨ ᠡᠷᠬᠢᠯᠡᠭᠴᠢ ᠯᠢ ᠵᠢᠢ ᠾᠸᠩ᠂ ᠦᠪᠤᠷ ᠮᠤᠡᠭᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠸᠠᠩ ᠪᠢᠡᠭ ᠶᠤᠸᠠᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ ᠪᠠᠢᠢᠡᠭᠭᠤ ᠵᠢᠨ ᠭᠡᠰᠢᠭᠦᠨ᠂ ᠨᠠᠷᠢᠨ ᠪᠢᠴᠢᠭ᠌ ᠤᠨ ᠲᠠᠷᠤᠭ᠎ᠠ ᠯᠦᠸᠸ ᠶᠦᠡᠭ ᠭᠠᠡᠭ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠳᠤᠭᠠᠳᠤ ᠵᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠡᠭ ᠪᠠᠷ᠎ᠠ ᠪᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121473353